ᠳ᠋ᠦᠩᠱᠧᠩ ᠲᠣᠭᠤᠷᠢᠭ᠄ ᠬᠡᠷᠡᠭᠯᠡᠭᠡ ᠶᠢ ᠬᠥᠭᠵᠢᠭᠡᠵᠦ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/14
    ᠳ᠋ᠦᠩᠱᠧᠩ ᠲᠣᠭᠤᠷᠢᠭ ᠨᠢ ᠣᠷᠳᠣᠰ ᠬᠤᠲᠠ ᠶᠢᠨ ᠵᠤᠭᠠᠴᠠᠯ ᠤᠨ ᠦᠢᠯᠡᠴᠢᠯᠡᠭᠡᠨ ᠤ ᠲᠥᠪ ᠤᠨ ᠴᠢᠬᠤᠯᠠ ᠲᠣᠭᠤᠷᠢᠭ ᠪᠣᠯᠤᠭᠰᠠᠨ ᠤ ᠬᠤᠪᠢ ᠳᠤ᠂ ᠡᠨᠡ ᠵᠢᠯ ᠵᠤᠭᠠᠴᠠᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠪᠠᠷᠢᠯ ᠢᠶᠠᠷ ᠰᠤᠶᠤᠯ ᠵᠤᠭᠠᠴᠠᠯ ᠤᠨ ᠠᠵᠢᠯᠯᠠᠭ᠎ᠠ ᠶᠢ ᠦᠷᠨᠢᠭᠦᠯᠤᠨ᠂ ᠪᠥᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠪᠦᠬᠦ ᠬᠤᠲᠠ ᠶᠢᠨ ᠰᠤᠶᠤᠯ ᠵᠤᠭᠠᠴᠠᠯ ᠤᠨ ᠬᠦᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃     ᠨᠢᠭᠡ ᠳᠤ᠂ ᠰᠣᠶᠣᠯ ᠵᠤᠭᠠᠴᠠᠯ ᠤᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠪᠡ᠃ 3 ᠰᠠᠷ᠎ᠠ ᠶᠢᠨ 30 ᠤ ᠡᠳᠦᠷ ᠳ᠋ᠦᠩᠱᠧᠩ ᠲᠣᠭᠤᠷᠢᠭ ︽ᠬᠠᠶᠢᠷ᠎ᠠ ᠬᠠᠯᠠᠮᠵᠢᠲᠤ ᠬᠤᠲᠠ ᠬᠡᠶᠢᠴᠢᠨ ᠵᠤᠴᠢᠨ ᠢᠶᠠᠨ ᠤᠬᠳᠤᠨ᠎ᠠ︾ — ᠳ᠋ᠦᠩᠱᠧᠩ ᠤᠨ ᠰᠤᠶᠤᠯ ᠵᠤᠭᠠᠴᠠᠯ ᠤᠨ ᠡᠬᠢ ᠪᠠᠶᠠᠯᠢᠭ ᠤᠨ ᠲᠠᠨᠢᠯᠴᠠᠭᠤᠯᠭ᠎ᠠ ᠶᠢᠨ ᠬᠤᠷᠠᠯ ᠵᠢᠴᠢ ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠢᠨ ᠢ ᠵᠤᠭᠠᠴᠠᠯ ᠤᠨ ᠴᠡᠭ ᠱᠤᠭᠤᠮ ᠢᠶᠠᠷ  ᠲᠤᠭᠤᠷᠢᠭᠤᠯᠬᠤ ᠠᠵᠢᠯᠯᠠᠭ᠎ᠠ ᠶᠢ ᠡᠷᠭᠢᠯᠡᠪᠡ᠃ ᠲᠤᠬᠠᠢ ᠶᠢᠨ ᠲᠠᠯᠠᠪᠠᠢ ᠳᠤ ᠠᠯᠪᠠᠨ ᠲᠠᠯ᠎ᠠ ᠶᠢᠨ ᠲᠠᠪᠤᠨ ᠵᠠᠭᠤᠴᠢᠯᠠᠭᠤᠷ ᠸᠢᠳᠢᠤ᠋ ᠳ᠋ᠤᠭᠠᠷ ᠢᠶᠠᠷ ᠰᠢᠭᠤᠳ ᠨᠡᠪᠲᠡᠷᠡᠭᠦᠯᠭᠡ ᠬᠢᠵᠤ᠂ ᠡᠭᠦᠨ ᠳᠤ ᠰᠢᠨᠬᠤᠸᠠ ᠬᠤᠷᠢᠶᠠᠨ ᠤ ᠰᠢᠭᠤᠳ ᠨᠡᠪᠲᠡᠷᠡᠭᠦᠯᠭᠡ ᠶᠢ 46 ᠲᠦᠮᠡᠨ ᠬᠥᠮᠦᠨ ᠤᠳᠠᠭ᠎ᠠ ᠦᠵᠡᠵᠤ᠂ ᠡᠯ᠎ᠡ ᠲᠠᠪᠴᠠᠩ ᠤᠨ ᠰᠢᠭᠤᠳ ᠨᠡᠪᠲᠡᠷᠡᠭᠦᠯᠭᠡ ᠶᠢ ᠨᠡᠶᠢᠳᠡ 58 ᠲᠦᠮᠡᠨ ᠬᠥᠮᠦᠨ ᠤᠳᠠᠭ᠎ᠠ ᠦᠵᠡᠪᠡ᠃ ᠰᠦᠯᠵᠢᠶᠡᠨ ᠤ ᠤᠳᠤᠨ ᠦᠵᠡᠮᠵᠢ ᠶᠢᠨ ᠣᠷᠣᠨ ᠳᠤ ᠰᠢᠭᠤᠳ ᠨᠡᠪᠲᠡᠷᠡᠭᠦᠯᠭᠡ ᠬᠢᠬᠦ ᠪᠠᠷ ᠲᠠᠮᠵᠢᠨ 3 ᠲᠦᠮᠡᠨ ᠲᠥᠭᠦᠷᠢᠭ ᠤᠨ ᠪᠠᠷᠠᠭ᠎ᠠ ᠪᠣᠷᠣᠯᠠᠭᠤᠯᠤᠨ᠂ ᠨᠡᠶᠢᠲᠡ 12 ᠲᠦᠮᠡᠨ ᠬᠥᠮᠦᠨ ᠤᠳᠠᠭ᠎ᠠ ᠦᠵᠡᠭᠰᠡᠨ ᠪᠠᠶᠢᠨ᠎ᠠ᠃ ᠰᠦᠯᠵᠢᠶᠡᠨ ᠤ ᠤᠳᠤᠨ ᠳ᠋ᠦᠩᠱᠧᠩ ᠤᠨ ᠰᠤᠶᠤᠯ ᠵᠤᠭᠠᠴᠠᠯ ᠤᠨ ᠤᠬᠠᠭᠤᠯᠭ᠎ᠠ ᠶᠢᠨ ᠸᠢᠳᠢᠣ᠋ ᠶᠢ ᠰᠢᠩᠭᠡᠭᠡᠨ ᠰᠡᠭᠦᠳᠡᠷᠯᠡᠵᠦ᠂ ᠳ᠋ᠦᠩᠱᠧᠩ ᠤᠨ ᠰᠤᠶᠤᠯ ᠵᠤᠭᠠᠴᠠᠯ ᠤᠨ ᠸᠢᠳᠢᠤ᠋ ᠳ᠋ᠤᠭᠠᠷ ᠲᠡᠭᠡᠷ᠎ᠡ ᠨᠡᠶᠢᠲᠡᠯᠡᠨ᠂ ᠨᠡᠪᠳᠡᠷᠡᠭᠦᠯᠦᠭᠰᠡᠨ ᠬᠡᠮᠵᠢᠶ᠎ᠡ 24 ᠲᠦᠮᠡ ᠳᠤ ᠬᠦᠷᠴᠦ᠂ ᠴᠤᠤᠷᠢᠶ᠎ᠠ ᠲᠡᠭᠡᠷ᠎ᠡ ᠨᠡᠪᠳᠡᠷᠡᠭᠦᠯᠦᠭᠰᠡᠨ ᠬᠡᠮᠵᠢᠶ᠎ᠡ 48 ᠲᠦᠮᠡ ᠳᠤ ᠬᠦᠷᠴᠠᠢ᠃ ᠲᠤᠰ ᠤᠳᠠᠭᠠᠨ ᠤ ᠠᠵᠢᠯᠯᠠᠭ᠎ᠠ ᠶᠢᠨ ᠮᠡᠳᠡᠭᠡᠯᠡᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠤᠭᠤᠷᠢᠭ ᠤᠨ ᠲᠠᠰ ᠤᠨ 30 ᠭᠠᠷᠤᠶ ᠵᠠᠭᠤᠴᠢᠯᠠᠭᠤᠷ ᠤᠨ ᠬᠢᠨ ᠮᠡᠳᠡᠭᠡᠯᠡᠵᠡᠶ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠰᠠ ᠰᠤᠶᠤᠯ ᠵᠤᠭᠠᠴᠠᠯ ᠤᠨ ᠮᠢᠩᠭᠠᠨ ᠠᠵᠤ ᠠᠬᠤᠶᠢᠯᠠᠯ ᠢ ᠤᠷᠢᠵᠤ ᠳ᠋ᠦᠩᠱᠧᠩ ᠲᠣᠭᠤᠷᠢᠭ ᠤᠨ ᠵᠤᠭᠠᠴᠠᠯ ᠤᠨ ᠴᠡᠭ ᠱᠤᠭᠤᠮ ᠢᠶᠠᠷ ᠲᠤᠭᠤᠷᠢᠭᠤᠯᠪᠠ᠃     ᠬᠤᠶᠠᠷ ᠲᠤ᠂ ᠰᠣᠶᠣᠯ ᠵᠤᠭᠠᠴᠠᠯ ᠤᠨ ᠲᠤᠪᠴᠢᠶᠠᠨ ᠳᠠᠷᠤᠭ᠎ᠠ ᠵᠤᠭᠠᠴᠠᠯ ᠤᠨ ᠭᠤᠣᠯ ᠴᠡᠭ ᠱᠤᠭᠤᠮ ᠢ ᠲᠠᠨᠢᠯᠴᠠᠭᠤᠯᠤᠨ ᠲᠠᠶᠢᠯᠪᠤᠷᠢᠯᠠᠬᠤ ᠰᠢᠷᠢᠰ ᠸᠢᠳᠢᠣ᠋ ᠶᠢ ᠰᠢᠩᠭᠡᠭᠡᠨ ᠰᠡᠭᠦᠳᠡᠷᠯᠡᠪᠡ᠃ ︽ᠳ᠋ᠦᠩᠱᠧᠩ ᠳᠠᠬᠢ ᠠᠭᠤᠯᠵᠠᠯᠲᠠ︾ MV᠂ ᠬᠤᠳᠠ ᠶᠢᠨ ︽ᠤᠳᠤᠳ︾ ᠢ ᠲᠠᠨᠢᠯᠴᠠᠭᠤᠯᠬᠤ ᠰᠢᠷᠢᠰ ᠸᠢᠳᠢᠣ᠋᠂ ᠡᠯ᠎ᠡ ᠲᠦᠷᠦᠯ ᠤᠨ ᠰᠣᠶᠣᠯ ᠵᠤᠭᠠᠴᠠᠯ ᠤᠨ ᠤᠬᠠᠭᠤᠯᠭ᠎ᠠ ᠶᠢᠨ ᠹᠢᠯᠢᠮ ᠢ ᠰᠢᠩᠭᠡᠭᠡᠨ ᠦᠢᠯᠡᠳᠴᠤ᠂ ᠰᠣᠶᠣᠯ ᠵᠤᠭᠠᠴᠠᠯ ᠤᠨ ᠲᠤᠪᠴᠢᠶᠠᠨ ᠳᠠᠷᠤᠭ᠎ᠠ ᠠᠴᠠ ᠳ᠋ᠦ᠋ᠩᠱᠧᠩ ᠤᠨ ᠵᠤᠭᠠᠴᠠᠯ ᠤᠨ ᠦᠯᠢᠭᠡᠷ ᠢ ᠬᠦᠤᠷᠨᠢᠵᠤ᠂ ᠠᠷᠠᠳ ᠤᠨ ᠰᠦᠯᠵᠢᠶ᠎ᠡ᠂ ᠪᠠᠢ ᠳ᠋ᠦ᠋ ᠰᠦᠯᠵᠢᠶ᠎ᠡ᠂ ᠥᠪᠥᠷ ᠮᠣᠩᠭᠤᠯ ᠤᠨ ᠰᠣᠶᠣᠯ ᠪᠠ ᠵᠤᠭᠠᠴᠠᠯ ᠤᠨ ᠲᠢᠩᠬᠢᠮ᠂ ᠤᠷᠳᠤᠰ ᠬᠤᠳᠠ ᠶᠢᠨ ᠰᠣᠶᠣᠯ ᠪᠠ ᠵᠤᠭᠠᠴᠠᠯ ᠤᠨ  ᠲᠤᠪᠴᠢᠶ᠎ᠡ ᠵᠡᠷᠭᠡ ᠶᠢᠨ ᠡᠯ᠎ᠡ ᠵᠠᠭᠤᠴᠢᠯᠠᠭᠤᠷ ᠤᠨ ᠲᠠᠪᠴᠠᠩ ᠳᠤ ᠨᠡᠪᠲᠡᠷᠡᠭᠦᠯᠵᠦ᠂  ᠨᠡᠪᠳᠡᠷᠡᠭᠦᠯᠦᠭᠰᠡᠨ ᠬᠡᠮᠵᠢᠶ᠎ᠡ ᠨᠢ ᠨᠡᠶᠢᠳᠡ 29 ᠲᠦᠮᠡ ᠳᠤ ᠬᠦᠷᠴᠡᠢ᠃     ᠭᠤᠷᠪᠠ ᠳᠤ᠂ ᠠᠵᠤ ᠠᠬᠤᠶᠢᠯᠠᠯ ᠤᠨ ᠤᠬᠠᠭᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠪᠡ᠃ ᠳ᠋ᠦᠩᠱᠧᠩ ᠲᠣᠭᠤᠷᠢᠭ ᠤᠨ ᠰᠣᠶᠣᠯ ᠪᠠ ᠵᠤᠭᠠᠴᠠᠯ ᠤᠨ ᠲᠤᠪᠴᠢᠶ᠎ᠡ ᠨᠢ ᠮᠦᠸᠧ ᠯᠢ ᠱᠧᠩ ᠬᠤᠢ ᠶᠢᠨ ᠲᠣᠭᠤᠨᠣᠯᠵᠢᠨ ᠵᠠᠮ ᠤᠨ ᠠᠭᠤᠯᠵᠠᠷ ᠤᠨ ᠲᠤᠮᠤ ᠳᠡᠯᠭᠡᠴᠡ ᠪᠣᠯᠤᠨ ᠶᠤᠸᠠᠢ ᠵᠶᠢ ᠴᠡᠴᠡᠷᠯᠢᠭ ᠤᠨ ᠲᠤᠮᠤ ᠳᠡᠯᠭᠡᠴᠡ ᠳᠤ ᠵᠠᠷ ᠮᠡᠳᠡᠭᠡ ᠲᠠᠯᠪᠢᠵᠤ᠂ ᠦᠵᠡᠮᠵᠢ ᠶᠢᠨ ᠣᠷᠣᠨ ᠤ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠪᠡ︔ ᠴᠠᠬᠢᠯᠭᠠᠨ ᠱᠠᠲᠤ ᠲᠠᠢ ᠠᠰᠠᠷ ᠲᠤ ᠵᠠᠷ ᠮᠡᠳᠡᠭᠡ ᠲᠠᠯᠪᠢᠵᠤ᠂ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠪᠡ︔ ᠣᠷᠳᠣᠰ ᠤᠨ ᠨᠢᠰᠭᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ ᠳᠤ ᠵᠠᠷ ᠮᠡᠳᠡᠭᠡ ᠪᠠ ᠤᠬᠠᠭᠤᠯᠭ᠎ᠠ ᠶᠢᠨ ᠦᠵᠡᠭᠦᠯᠭᠡ ᠶᠢᠨ ᠪᠠᠶᠢᠷᠢ ᠭᠠᠷᠭᠠᠵᠤ᠂ ᠵᠤᠭᠠᠴᠠᠯ ᠤᠨ ᠠᠵᠤ ᠠᠬᠤᠶᠢᠯᠠᠯ ᠤᠨ ᠵᠠᠷ ᠮᠡᠳᠡᠭᠡ ᠶᠢ ᠲᠠᠯᠪᠢᠪᠠ᠃ ᠠᠵᠤ ᠠᠬᠤᠶᠢᠯᠠᠯ ᠤᠨ ᠤᠬᠠᠭᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠭᠰᠡᠨ ᠨᠢ ᠳ᠋ᠦᠩᠱᠧᠩ ᠤᠨ ᠢᠷᠠᠭᠤ ᠠᠯᠳᠠᠷ ᠢ ᠨᠡᠮᠡᠭᠳᠡᠭᠦᠯᠵᠡᠶ᠃     ᠳᠥᠷᠪᠡ ᠳᠤ᠂ ᠭᠠᠳᠠᠭᠠᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ᠃ A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠰᠣᠶᠣᠯ ᠵᠤᠭᠠᠴᠠᠯ ᠤᠨ ᠢᠵᠢ ᠪᠦᠷᠢᠳᠦᠭᠦᠯᠬᠦ ᠦᠢᠯᠡᠴᠢᠯᠡᠭᠡ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠦᠵᠡᠰᠭᠦᠯᠡᠩᠲᠦ ᠰᠠᠶᠢᠬᠠᠨ ᠳ᠋ᠦᠩᠱᠧᠩ ᠬᠤᠳᠠ ᠶᠢᠨ ︿ᠤᠳᠤᠨ﹀ ᠤ ᠲᠠᠨᠢᠯᠴᠠᠭᠤᠯᠤᠭᠴᠢ︾ ᠬᠡᠮᠡᠬᠦ ᠰᠢᠷᠢᠰ ᠠᠵᠢᠯᠯᠠᠭ᠎ᠠ᠂ ︽ᠡᠷᠡᠮᠡᠬᠡᠶᠢᠯᠡᠨ ᠲᠡᠮᠡᠴᠡᠬᠦ ᠳ᠋ᠦᠩᠱᠧᠩ ᠡᠷᠴᠢ ᠬᠦᠴᠦᠨᠲᠤ ᠤᠳᠤᠨ︾ ᠬᠡᠮᠡᠬᠦ ᠠᠵᠢᠯ ᠲᠦᠷᠦᠯ ᠤᠨ ᠴᠤᠭ ᠵᠢᠪᠬᠤᠭᠠᠲᠤ ᠦᠵᠡᠭᠦᠯᠭᠡ᠂ ︽︿ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠠᠶᠠᠯᠠᠯ﹀ — ᠳ᠋ᠦᠩᠱᠧᠩ ᠲᠤᠭᠤᠷᠢᠭ︾᠂ ︽ᠳ᠋ᠦᠩᠱᠧᠩ ᠤᠨ ᠭᠠᠶᠢᠬᠠᠮᠰᠢᠭ ᠢ ᠬᠠᠷᠠᠬᠤᠢ︾ ᠬᠡᠮᠡᠬᠦ ᠭᠡᠷᠡᠯ ᠵᠢᠷᠤᠭ ᠤᠨ ᠪᠢᠴᠢᠯ ᠸᠢᠳᠢᠣ᠋ ᠶᠢᠨ ᠤᠷᠤᠯᠳᠤᠭᠠᠨ᠂ ᠳ᠋ᠦᠩᠱᠧᠩ ᠤᠨ ᠱᠠᠩᠨᠠᠯᠲᠤ ᠪᠦᠲᠦᠭᠡᠯ ᠡᠯᠰᠡᠬᠦ ᠠᠵᠢᠯᠯᠠᠭ᠎ᠠ ᠵᠡᠷᠭᠡ ᠶᠢ ᠦᠷᠨᠢᠭᠦᠯᠤᠨ᠂ ᠳ᠋ᠦᠩᠱᠧᠩ ᠲᠣᠭᠤᠷᠢᠭ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠤᠬᠠᠭᠤᠯᠭ᠎ᠠ ᠶᠢᠨ ᠸᠢᠳᠢᠣ᠋ ᠶᠢ ᠰᠢᠩᠭᠡᠭᠡᠨ ᠰᠡᠭᠦᠳᠡᠷᠯᠡᠵᠦ᠂ ᠳ᠋ᠦᠩᠱᠧᠩ ᠲᠣᠭᠤᠷᠢᠭ ᠤᠨ ᠲᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠲᠤᠭᠤᠷᠢᠭ ᠤᠨ ᠳᠣᠲᠣᠨ᠎ᠠ ᠭᠠᠳᠠᠨ᠎ᠠ ᠣᠯᠠᠨ ᠴᠡᠭ ᠲᠤ ᠵᠠᠷ ᠮᠡᠳᠡᠭᠡ ᠲᠠᠯᠪᠢᠵᠤ᠂ ᠣᠯᠠᠨ ᠲᠠᠯᠠᠪᠤᠷ ᠲᠠᠨᠢᠯᠴᠠᠭᠤᠯᠭ᠎ᠠ ᠶᠢᠨ ᠬᠤᠷᠠᠯ ᠢ ᠤᠬᠠᠭᠠᠯᠠᠨ ᠵᠤᠬᠢᠶᠠᠨ ᠪᠠᠶᠢᠭᠤᠯᠬᠤ ᠶᠢᠨ ᠬᠠᠮᠲᠤ ᠵᠢᠷᠬᠢᠶ᠎ᠡ ᠶᠢᠨ ᠤᠯᠠᠨ ᠨᠡᠶᠢᠲᠡ ᠶᠢᠨ ᠲᠡᠪᠴᠡᠩ᠂ ᠴᠤᠤᠷᠢᠶ᠎ᠠ᠂ ᠸᠢᠳᠢᠤ᠋ ᠳ᠋ᠤᠭᠠᠷ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ᠃ 2023 ᠣᠨ ᠤ ︽ᠠᠷᠪᠠᠨ ᠲᠠᠪᠤᠨ ᠨᠢᠬᠡ︾ ᠶᠢᠨ ᠠᠵᠢᠯ ᠤᠨ ᠠᠷᠭ᠎ᠠ ᠬᠡᠮᠵᠢᠶ᠎ᠡ ᠶᠢ ᠠᠬᠢᠭᠤᠯᠤᠨ ᠨᠠᠶᠢᠳᠠᠪᠤᠷᠢᠵᠢᠭᠤᠯᠬᠤ ᠪᠠᠷ ᠲᠦᠯᠦᠪᠯᠡᠵᠤ᠂ ᠰᠣᠶᠣᠯ ᠵᠤᠭᠠᠴᠠᠯ ᠤᠨ  ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠥᠷᠭᠡᠳᠭᠡᠵᠦ᠂ ᠰᠣᠶᠣᠯ ᠢᠶᠠᠷ ᠵᠤᠭᠠᠴᠠᠯ ᠤᠨ ᠠᠭᠤᠯᠤᠭᠳᠠᠬᠤᠨ ᠢ ᠳᠡᠭᠡᠭᠰᠢᠯᠡᠭᠦᠯᠬᠦ᠂ ᠵᠤᠭᠠᠴᠠᠯ ᠢᠶᠠᠷ ᠰᠣᠶᠣᠯ ᠤᠨ ᠴᠡᠴᠡᠭᠯᠡᠯᠲᠡ ᠶᠢ ᠠᠬᠢᠭᠤᠯᠬᠤ ᠠᠬᠤᠢ ᠪᠠᠶᠢᠳᠠᠯ ᠢ ᠢᠳᠡᠪᠬᠢᠲᠡᠶ ᠪᠣᠶ ᠪᠤᠯᠭᠠᠨ᠎ᠠ᠃     ᠲᠠᠪᠤ ᠳᠤ᠂ ᠵᠠᠰᠠᠭ ᠤᠨ ᠣᠷᠳᠣᠨ ᠮᠥᠩᠭᠦᠨ ᠬᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠪᠠ᠃  3 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠮᠦᠡᠭᠭᠦᠨ ᠬᠦᠢᠯᠭᠡᠭᠡ ᠪᠠᠷ ᠰᠣᠶᠣᠯ ᠵᠤᠭᠠᠴᠠᠯ ᠢ ᠲᠡᠮᠵᠢᠬᠦ ᠲᠥᠷᠥᠯ ᠵᠦᠢᠯ ᠤᠨ ᠵᠠᠰᠠᠭ ᠤᠨ ᠣᠷᠳᠣᠨ ᠮᠥᠩᠭᠦᠨ ᠬᠦᠢᠯᠭᠡᠭᠡ ᠠᠵᠤ ᠠᠬᠤᠶᠢᠯᠠᠯ ᠤᠨ ᠲᠤᠰᠬᠠᠶ ᠵᠣᠯᠭᠠᠯᠳᠠ ᠶᠢᠨ ᠬᠤᠷᠠᠯ ᠢ ᠡᠷᠭᠢᠯᠡᠪᠡ᠃ 27 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠯᠦᠭᠡᠯᠡᠭᠴᠢ ᠵᠢᠴᠢ 12 ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠲᠦᠯᠦᠭᠡᠯᠡᠭᠴᠢ ᠬᠤᠷᠠᠯ ᠳᠤ ᠣᠷᠣᠯᠴᠠᠵᠡᠢ᠃ ᠬᠤᠷᠠᠯ ᠳᠡᠭᠡᠷ᠎ᠡ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠲᠦᠯᠦᠭᠡᠯᠡᠭᠴᠢ ᠲᠤᠰ ᠲᠤᠰ ᠤᠨ ᠢᠶᠠᠨ ᠲᠦᠷᠦᠯ ᠵᠦᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠵᠦ᠂ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡᠨ ᠤ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠪᠠ︔ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠴᠤ ᠬᠠᠷᠢᠭᠤ ᠲᠤᠰᠬᠠᠬᠤ ᠶᠢᠨ ᠬᠠᠮᠳᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠲᠠᠶᠢᠯᠤᠮᠵᠢ ᠬᠢᠪᠡ᠃ ᠬᠤᠷᠠᠯ ᠤᠨ ᠲᠠᠷᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠡᠯ᠎ᠡ ᠰᠣᠶᠣᠯ ᠵᠤᠭᠠᠴᠠᠯ ᠤᠨ ᠠᠵᠤ ᠠᠬᠤᠶᠢᠯᠠᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃     ᠵᠢᠷᠭᠤᠭ᠎ᠠ ᠳᠤ᠂ ᠣᠯᠠᠨ ᠬᠤᠲᠠ ᠠᠶᠠᠨᠴᠢᠳ ᠤᠨ ᠢᠷᠡᠯᠲᠡ ᠪᠠᠨ ᠰᠣᠯᠢᠯᠴᠠᠬᠤ ᠲᠠᠪᠴᠠᠩ ᠢ ᠪᠠᠶᠢᠭᠤᠯᠪᠠ᠃ ᠡᠨᠡ ᠵᠢᠯ ᠤᠨ 2 ᠰᠠᠷ᠎ᠠ ᠠᠴᠠ ᠨᠠᠭᠠᠰᠢ᠂ ᠳ᠋ᠦᠡᠭᠱᠧᠡᠭ ᠲᠤᠭᠤᠷᠢᠭ ᠨᠢ ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ ᠲᠠᠢ ᠬᠠᠮᠵᠢᠯᠴᠠᠨ ︽ᠵᠠᠭᠤᠨ ᠲᠦᠮᠡᠨ ᠬᠥᠮᠦᠨ ᠬᠠᠷᠢᠯᠴᠠᠨ ᠵᠤᠭᠠᠴᠠᠬᠤ︾ ᠵᠤᠭᠠᠴᠠᠯ ᠤᠨ ᠪᠦᠯᠬᠦᠮ ᠢ ᠳ᠋ᠦᠩᠱᠧᠩ ᠲᠣᠭᠤᠷᠢᠭ ᠲᠤ ᠬᠦᠯᠢᠶᠡᠨ ᠠᠪᠴᠤ ᠵᠤᠴᠢᠯᠠᠬᠤ ᠠᠵᠢᠯ ᠢ ᠰᠠᠶᠢᠲᠤᠷ ᠬᠢᠵᠤ᠂ ᠭᠤᠸᠠᠩᠳᠦ᠋ᠩ ᠪᠣᠯᠤᠨ ᠰᠢ ᠠᠨ ᠠᠴᠠ ᠢᠷᠡᠭᠰᠡᠨ ᠵᠤᠭᠠᠴᠠᠭᠰᠠᠳ ᠢ ᠵᠠᠯᠭᠠᠭ᠎ᠠ ᠪᠠᠷ ᠤᠬᠲᠤᠨ ᠵᠤᠴᠢᠯᠠᠵᠡᠢ᠃  3 ᠰᠠᠷ᠎ᠠ ᠶᠢᠨ 19 ᠤ ᠡᠳᠦᠷ᠂ ᠸᠠᠨ ᠵᠢᠶᠠ ᠬᠤᠢ ᠤᠰᠤᠨ ᠤ ᠶᠢᠷᠳᠢᠨᠴᠤ ᠶᠢᠨ ᠦᠵᠡᠮᠵᠢ ᠶᠢᠨ ᠣᠷᠣᠨ ᠳᠤ ︽ᠰᠢ ᠠᠨ ᠤ ᠵᠠᠭᠤᠨ ᠲᠦᠮᠡᠨ ᠵᠤᠭᠠᠴᠠᠭᠰᠠᠳ ᠤᠷᠳᠤᠰ ᠢᠶᠠᠷ ᠵᠤᠭᠠᠴᠠᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ︾ ᠢ ᠡᠷᠬᠢᠯᠡᠪᠡ᠃     ᠣᠶᠢᠯᠠᠭᠠᠭᠰᠠᠨ ᠢᠶᠠᠷ᠂ 2023 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ ᠳ᠋ᠦᠩᠱᠧᠩ ᠲᠣᠭᠤᠷᠢᠭ ᠨᠡᠶᠢᠲᠡ 103.8 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ 16.6 ᠳ᠋ᠦᠩᠰᠢᠭᠤᠷ ᠲᠥᠭᠦᠷᠢᠭ  ᠲᠤ ᠬᠦᠷᠴᠠᠢ᠃ ᠡᠭᠦᠨ ᠳᠤ ᠬᠤᠨᠤᠬᠯᠠᠬᠰᠠᠨ ᠵᠤᠭᠠᠴᠠᠭᠰᠠᠳ ᠢ ᠨᠡᠶᠢᠲᠡ 49.3 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 33.2% ᠨᠡᠮᠡᠭᠳᠡᠵᠡᠶ᠃ ᠨᠢᠭᠡ ᠡᠳᠦᠷ ᠤᠨ ᠵᠤᠭᠠᠴᠠᠭᠰᠠᠳ ᠢ ᠨᠡᠶᠢᠲᠡ 54.58 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 42.2% ᠨᠡᠮᠡᠭᠳᠡᠪᠡ᠃ ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠰᠣᠶᠣᠯ ᠪᠠ ᠵᠤᠭᠠᠴᠠᠯ ᠤᠨ ᠲᠤᠪᠴᠢᠶ᠎ᠡ ᠦᠷᠭᠦᠯᠵᠢᠯᠡᠨ ᠥᠪᠡᠷᠮᠢᠴᠡ ᠣᠨᠴᠠᠯᠢᠭ ᠢᠶᠠᠨ ᠲᠤᠪᠤᠶᠢᠯᠭᠠᠵᠤ᠂ ᠪᠣᠳᠠᠲᠠᠢ ᠠᠰᠢᠭ ᠬᠦᠷᠲᠡᠭᠡᠵᠦ᠂ ᠰᠢᠨ᠎ᠡ ᠠᠷᠭ᠎ᠠ ᠬᠡᠮᠵᠢᠶ᠎ᠡ ᠠᠪᠴᠤ᠂ ᠬᠦᠳᠦᠯᠤᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠶᠣᠯ ᠵᠤᠭᠠᠴᠠᠯ ᠤᠨ ᠡᠬᠢ ᠪᠠᠶᠠᠯᠢᠭ ᠢ ᠨᠡᠶᠢᠳᠭᠡᠬᠦ ᠶᠢ ᠴᠢᠩᠭᠠᠳᠬᠠᠵᠤ᠂ ᠳ᠋ᠦᠩᠱᠧᠩ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠤᠯᠠᠷᠢᠯ ᠤᠨ ᠴᠢᠨᠠᠷᠲᠠᠢ ᠵᠤᠭᠠᠴᠠᠯ ᠠᠴᠠ ︽ᠲᠦᠷᠪᠡᠨ ᠤᠯᠠᠷᠢᠯ ᠤᠨ ᠵᠤᠭᠠᠴᠠᠯ︾ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠦᠲᠦᠮᠵᠢᠲᠡᠢ ᠲᠦᠷᠭᠡᠳᠭᠡᠵᠦ᠂ ᠪᠦᠬᠦ ᠣᠷᠣᠨ ᠪᠦᠰᠡ ᠪᠠᠷ ᠵᠤᠭᠠᠴᠠᠵᠤ ᠪᠣᠯᠬᠤ ᠪᠥᠭᠡᠳ ᠪᠦᠬᠦ ᠵᠢᠯ ᠢᠶᠠᠷ ᠵᠤᠭᠠᠴᠠᠵᠤ ᠪᠤᠯᠬᠤ ᠶᠢ ᠪᠡᠶᠡᠯᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠤᠨ᠂ ᠤᠯᠠᠨ ᠤ ᠲᠠᠭᠠᠰᠢᠶᠠᠯ ᠢ ᠤᠯᠬᠤ ᠪᠠᠷ ᠬᠦᠴᠦᠯᠡᠨ ᠴᠢᠷᠮᠠᠶᠢᠵᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠬᠤ ᠪᠤᠯᠤᠨ᠎ᠠ᠃ 
ᠢᠷᠡᠯᠲᠡ᠄ ᠤᠷᠳᠤᠰ ᠤᠨ ᠡᠳᠦᠷ ᠤᠨ ᠰᠤᠨᠢᠨ