【ᠬᠠᠶᠢᠷ᠎ᠠ ᠬᠠᠯᠠᠮᠵᠢᠳᠤ ᠢᠨᠵᠧᠨᠧᠷᠢᠩ】ᠳ᠋ᠦᠩᠱᠧᠩ᠄ ︽ᠬᠠᠶᠢᠷ᠎ᠠ ᠬᠠᠯᠠᠮᠵᠢᠳᠤ ᠢᠨᠵᠧᠨᠧᠷᠢᠩ︾ ᠢᠶᠠᠷ ᠠᠷᠠᠳ ᠣᠯᠠᠨ ᠤ ᠵᠣᠯ ᠵᠢᠷᠭᠠᠯ ᠢ ᠨᠡᠮᠡᠭᠳᠡᠬᠦᠯᠦᠨᠡᠮ
ᠨᠡᠶᠢᠲᠡᠯᠡᠭᠰᠡᠨ ᠴᠠᠭ᠄
2024/5/16
     ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠨᠡᠪᠳᠡᠷᠡᠬᠦᠯᠬᠦ ᠶᠢ ᠠᠳᠬᠤᠨ ᠳᠦᠷᠭᠡᠳᠬᠡᠵᠤ᠂ ᠠᠷᠠᠳ ᠤᠨ ᠠᠮᠢᠳᠤᠷᠠᠯ ᠤᠨ ᠰᠠᠭᠤᠷᠢ ︽ᠪᠠᠳᠤᠯᠠᠭ᠎ᠠ︾ ᠶᠢ ᠴᠢᠩᠭᠠᠳᠬᠠᠨ᠎ᠠ     ᠳ᠋ᠦᠩᠱᠧᠩ ᠲᠤᠭᠤᠷᠢᠭ ᠲᠤ ᠨᠡᠶᠢᠲᠡ 91 ᠰᠠᠭᠤᠭᠠᠯᠢ ᠲᠣᠭᠤᠷᠢᠭ 340 ᠠᠰᠠᠷ 16265 ᠡᠷᠦᠬᠡ ᠳᠤ ᠪᠠᠶᠢᠭᠠᠯᠢ ᠶᠢᠨ ᠰᠢᠲᠠᠮᠠᠬᠠᠢ ᠬᠡᠢ ᠨᠡᠪᠲᠡᠷᠡᠭᠡᠳᠦᠢ ᠪᠠᠶᠢᠵᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠨᠡᠶᠢᠳᠡᠮ ᠪᠦᠷᠬᠦᠭᠦᠯᠬᠦ ᠳᠤ ᠪᠠᠷᠤᠭ 1 23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠂ ᠡᠭᠦᠨ ᠳᠤ ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠤᠷᠤᠭᠤᠯᠬᠤ ᠵᠠᠷᠤᠳᠠᠯ ᠪᠠ ᠬᠤᠭᠤᠯᠠᠢ ᠶᠢ ᠤᠭᠰᠠᠷᠠᠬᠤ ᠵᠠᠷᠤᠳᠠᠯ ᠪᠠᠭᠲᠠᠨ᠎ᠠ᠃ ᠳ᠋ᠦᠩᠱᠧᠩ ᠲᠤᠭᠤᠷᠢᠭ 3 ᠵᠢᠯ ᠤᠨ ᠴᠠᠭ ᠢ ᠠᠰᠢᠭᠯᠠᠨ ᠪᠦᠬᠦ ᠰᠠᠭᠤᠭᠠᠯᠢ ᠲᠤᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠂ ᠡᠭᠦᠨ ᠳᠤ 2024 ᠣᠨ ᠳᠤ 35 ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ ᠶᠢ ᠨᠡᠪᠲᠡᠷᠡᠭᠦᠯᠬᠦ ᠪᠠᠷ ᠲᠥᠯᠥᠪᠯᠡᠵᠦ ᠪᠤᠢ᠃
001.jpg
    ︽ᠬᠠᠶᠢᠷ᠎ᠠ ᠬᠠᠯᠠᠮᠵᠢᠳᠤ ᠢᠨᠵᠧᠨᠧᠷᠢᠩ︾᠂ ︽ᠠᠷᠠᠳ ᠤᠨ ᠰᠡᠳᠬᠢᠯ ᠤᠨ ᠢᠨᠵᠧᠨᠧᠷᠢᠩ︾ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠳ᠋ᠦᠩᠱᠧᠩ ᠲᠤᠭᠤᠷᠢᠭ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠ ᠪᠤᠳᠠᠳᠠᠢ ᠠᠴᠠ ᠡᠬᠦᠰᠴᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ ᠶᠢ ᠠᠬᠢᠭᠤᠯᠤᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠪᠴᠢᠶᠡᠨ ᠳᠤ ᠬᠤᠯᠪᠣᠭᠳᠠᠭᠰᠠᠨ 6 ᠰᠠᠭᠤᠭᠠᠯᠢ ᠲᠣᠭᠤᠷᠢᠭ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠭᠡᠷᠡᠴᠢᠯᠡᠨ ᠪᠠᠶᠢᠭᠤᠯᠬᠤ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠰᠠᠭᠤᠭᠠᠯᠢ ᠠᠷᠠᠳ ᠥᠪᠡᠷ ᠢᠶᠠᠨ 20% ᠤᠨ ᠪᠡᠯᠡ ᠮᠦᠩᠬᠦ ᠭᠠᠷᠴᠤ᠂ ᠵᠠᠰᠠᠭ ᠤᠨ ᠤᠷᠳᠤᠨ ᠠᠴᠠ 80% ᠶᠢᠨ ᠪᠡᠯᠡ ᠮᠥᠩᠭᠦ ᠭᠠᠷᠭᠠᠵᠤ ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠢᠨᠡᠴᠢᠯᠡᠬᠦ ᠪᠠᠷ ᠲᠥᠯᠥᠪᠯᠡᠵᠦ ᠪᠤᠢ᠃
002.jpg
     ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠳᠤ ᠬᠤᠯᠪᠣᠭᠳᠠᠭᠰᠠᠨ 29 ᠰᠠᠭᠤᠭᠠᠯᠢ ᠲᠣᠭᠤᠷᠢᠭ ᠲᠤ᠂ ᠳ᠋ᠦᠩᠱᠧᠩ ᠲᠣᠭᠤᠷᠢᠭ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠨ᠎ᠠ᠃ ᠨᠢᠭᠡ ᠲᠠᠯ᠎ᠠ ᠪᠠᠷ ᠤᠯᠤᠰ ᠤᠨ ᠬᠠᠮᠤᠭ ᠤᠨ ᠰᠢᠨ᠎ᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠱᠠᠯᠠᠪᠳᠠᠭᠤᠯᠪᠠ᠃ ᠵᠢᠱᠢᠶᠡᠯᠡᠪᠡᠯ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠦᠨᠡᠬᠡᠷ ᠬᠤᠯᠪᠣᠭᠳᠠᠯ ᠪᠦᠬᠦᠢ ᠵᠠᠷᠤᠳᠠᠯ ᠢ ᠲᠥᠯᠥᠬᠦ ᠴᠢᠳᠠᠯ ᠦᠭᠡᠢ ᠪᠠᠶᠢᠪᠠᠯ᠂ ᠡᠳ᠋ ᠬᠥᠷᠥᠩᠭᠡ ᠪᠠᠨ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠳᠤ ᠬᠡᠷᠡᠭᠯᠡᠬᠦ ᠪᠠᠶᠢᠭᠠᠯᠢ ᠶᠢᠨ ᠰᠢᠳᠠᠮᠠᠬᠠᠢ ᠬᠡᠢ ᠶᠢ ᠪᠠᠲᠤᠯᠠᠨ᠎ᠠ︔ ᠨᠦᠬᠦᠬᠡ ᠲᠠᠯ᠎ᠠ ᠪᠠᠷ ᠬᠡᠷᠪᠡ ᠠᠵᠤ ᠠᠬᠤᠶᠢᠯᠠᠯ ᠤᠨ ᠡᠵᠡᠩᠨᠡᠯᠳᠡ ᠵᠤᠭᠰᠤᠩᠭᠤᠶᠢᠷᠠᠭᠰᠠᠨ ᠪᠠ ᠤᠰᠠᠳᠤᠭᠰᠠᠨ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠠᠷᠢᠴᠠᠭᠠᠯᠠᠬᠤ ᠬᠥᠷᠥᠩᠭᠡ ᠶᠢᠨ ᠲᠥᠯᠥᠪᠯᠡᠭᠡ ᠶᠢ ᠦᠨᠡᠨᠬᠦ ᠡᠭᠦᠷᠭᠡᠯᠡᠵᠦ ᠳᠡᠶᠢᠯᠬᠦ ᠦᠭᠡᠢ ᠬᠠᠩᠭᠠᠵᠤ ᠳᠡᠶᠢᠯᠬᠦ ᠦᠭᠡᠢ ᠪᠠᠶᠢᠪᠠᠯ᠂ ᠮᠠᠨ ᠤ ᠲᠤᠭᠤᠷᠢᠭ ᠤᠨ ᠶᠠᠭ ᠥᠷᠨᠢᠭᠦᠯᠵᠦ ᠪᠠᠶᠢᠭ᠎ᠠ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠰᠠᠭᠤᠭᠠᠯᠢ ᠠᠷᠠᠳ ᠥᠪᠡᠷ ᠲᠡᠭᠡᠨ 20% ᠶᠢᠨ ᠪᠡᠯᠡ ᠮᠦᠩᠬᠦ ᠭᠠᠷᠭᠠᠵᠤ᠂ ᠵᠠᠰᠠᠭ ᠤᠨ ᠤᠷᠳᠤᠨ ᠠᠴᠠ 80% ᠶᠢ ᠡᠭᠦᠷᠭᠡᠯᠡᠬᠦ ᠠᠷᠭ᠎ᠠ ᠮᠠᠶ᠋ᠢᠭ ᠢᠶᠠᠷ ᠪᠡᠯᠡ ᠮᠥᠩᠭᠦ ᠴᠤᠭᠯᠠᠭᠤᠯᠵᠤ᠂ ᠳ᠋ᠦᠩᠱᠧᠩ ᠤᠨ ᠡᠷᠥᠭᠡ ᠪᠥᠬᠦᠨ ᠴᠥᠮ ᠬᠠᠮᠤᠭ ᠤᠨ ᠳᠣᠣᠷ᠎ᠠ ᠥᠪᠡᠷ ᠤᠨ ᠥᠷᠳᠡᠭ ᠢᠶᠠᠷ ᠪᠠᠶᠢᠭᠠᠯᠢ ᠶᠢᠨ ᠰᠢᠲᠠᠮᠠᠬᠠᠢ ᠬᠡᠢ ᠶᠢ ᠬᠡᠷᠡᠭᠯᠡᠬᠦ ᠶᠢ ᠦᠨᠡᠨᠬᠦ ᠪᠠᠳᠤᠯᠠᠨ᠎ᠠ᠃
003.jpg
     ᠢᠯᠴᠢ ᠬᠠᠩᠭᠠᠬᠤ ᠦᠭᠡᠷᠡᠴᠢᠯᠡᠯᠳᠡ ᠶᠢᠨ ᠠᠵᠢᠯ ᠢ ᠲᠠᠰᠤᠷᠠᠯᠲᠠ ᠥᠬᠡᠶ ᠪᠡᠶᠡᠯᠡᠬᠦᠯᠵᠤ᠂ ᠠᠷᠠᠳ ᠤᠨ ᠠᠮᠢᠳᠤᠷᠠᠯ ᠤᠨ ︽ᠳᠤᠯᠠᠭᠠᠴᠠ︾ ᠶᠢ ᠪᠠᠳᠤᠯᠠᠨ᠎ᠠ     2024 ᠣᠨ ᠳᠤ ᠳ᠋ᠦᠩᠱᠧᠩ ᠲᠣᠭᠤᠷᠢᠭ ᠬᠤᠲᠠ ᠶᠢᠨ ᠢᠯᠴᠢ ᠬᠠᠩᠭᠠᠬᠤ ᠭᠤᠣᠯᠳᠠᠯᠭ᠎ᠠ ᠲᠠᠢ ᠲᠥᠷᠥᠯ ᠵᠦᠢᠯ ᠢ 40 ᠬᠡᠷᠡᠭᠵᠢᠭᠦᠯᠬᠦ ᠪᠠᠷ ᠲᠥᠯᠥᠪᠯᠡᠵᠦ᠂ ᠳ᠋ᠦᠩᠱᠧᠩ ᠲᠣᠭᠤᠷᠢᠭ ᠤᠨ ᠬᠤᠢ ᠾᠧ ᠢᠯᠴᠢ ᠬᠠᠩᠭᠠᠬᠤ ᠺᠣᠮᠫᠠᠨᠢ ᠠᠴᠠ ᠬᠡᠷᠡᠭᠵᠢᠭᠦᠯᠦᠭᠰᠡᠨ DN1200 ᠬᠤᠭᠤᠯᠠᠢ ᠲᠣᠣᠷ ᠤᠨ ᠰᠢᠨ᠎ᠡ ᠪᠠᠷ ᠤᠭᠰᠠᠷᠠᠬᠤ ᠲᠥᠷᠥᠯ ᠵᠦᠢᠯ ᠪᠣᠯ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠳᠤᠯᠠᠭᠠᠯᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠣᠨ᠎ᠠ᠃ ᠲᠣᠰ ᠲᠥᠷᠥᠯ ᠵᠦᠢᠯ ᠨᠢ ᠭᠤᠤᠯᠳᠠᠭᠤ ᠲᠢᠶᠠᠨ ᠵᠢᠶᠤᠤ ᠵᠠᠮ᠂ ᠣᠲᠤᠭ ᠵᠡᠭᠡᠯᠢ ᠠᠴᠠ ᠦᠦᠰᠢᠨ ᠪᠠᠷᠠᠭᠤᠨ ᠵᠡᠭᠡᠯᠢ ᠬᠦᠷᠳᠡᠯ᠎ᠡ 4200 ᠮᠧᠲᠷ DN1200 ᠬᠤᠭᠤᠯᠠᠶ ᠲᠣᠤᠷ ᠳᠡᠪᠢᠰᠴᠤ᠂ 200 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠳᠠᠯᠠᠪᠠᠢ ᠶᠢ ᠬᠠᠮᠤᠷᠴᠤ᠂ 10000 ᠭᠠᠷᠤᠶ ᠡᠷᠦᠬᠡ ᠳᠤ ᠠᠰᠢᠭ ᠬᠦᠷᠳᠡᠭᠡᠨ᠎ᠡ᠃ ᠳᠤᠰ ᠲᠥᠷᠥᠯ ᠵᠦᠢᠯ ᠢ 5 ᠰᠠᠷ᠎ᠠ ᠶᠢᠨ ᠡᠬᠢ ᠪᠠᠷ ᠡᠬᠢᠯᠡᠭᠦᠯᠦᠨ᠂ 8 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠣᠶ᠂ ᠰᠢᠨ᠎ᠡ ᠪᠠᠷ ᠤᠭᠰᠠᠷᠠᠬᠤ ᠢᠯᠴᠢ ᠬᠠᠩᠭᠠᠬᠤ ᠬᠤᠭᠤᠯᠠᠶ ᠲᠣᠤᠷ ᠲᠤ ᠮᠧᠩ ᠲᠠᠢ ᠢᠯᠴᠢ ᠬᠠᠩᠭᠠᠬᠤ ᠺᠣᠮᠫᠠᠨᠢ ᠶᠢᠨ ᠢᠯᠴᠢ ᠶᠢᠨ ᠢᠷᠡᠯᠲᠡ ᠶᠢ ᠰᠣᠯᠢᠵᠤ ᠬᠡᠷᠡᠭᠯᠡᠨ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠭᠤᠣᠯ ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠬᠤᠲᠠ ᠶᠢᠨ ᠢᠯᠴᠢ ᠬᠠᠩᠭᠠᠬᠤ ᠲᠤᠤᠷ ᠢ ᠪᠠᠶᠢᠭᠤᠯᠤᠨ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠤᠷᠢᠯᠡᠬᠦ ᠪᠤᠯᠤᠨ᠎ᠠ᠃ ᠡᠨᠡ ᠵᠢᠯ ᠳ᠋ᠦᠩᠱᠧᠩ ᠲᠤᠭᠤᠷᠢᠭ᠂ ᠳ᠋ᠠ ᠰᠢᠩ ᠬᠤᠸᠠ ᠶᠤᠸᠠᠨ᠂ ᠵᠢᠩ ᠲᠠᠢ ᠶᠤᠸᠠᠨ ᠰᠠᠭᠤᠭᠠᠯᠢ ᠲᠣᠭᠤᠷᠢᠭ᠂ ᠳ᠋ᠦᠩ ᠹᠠᠩ ᠢ ᠵᠢᠩ ᠶᠤᠸᠠᠨ᠂ ᠳ᠋ᠦᠩ ᠹᠠᠩ ᠶᠠᠩ ᠭᠤᠸᠠᠩ ᠵᠡᠷᠭᠡ 162 ᠰᠠᠭᠤᠭᠠᠯᠢ ᠲᠣᠭᠤᠷᠢᠭ ᠤᠨ ᠢᠯᠴᠢ ᠳᠠᠮᠵᠢᠭᠤᠯᠬᠤ ᠬᠤᠶᠠᠳᠠᠬᠢ ᠤᠳᠠᠭᠠᠨ ᠤ ᠢᠯᠴᠢ ᠬᠠᠩᠭᠠᠬᠤ ᠬᠤᠭᠤᠯᠠᠶ ᠲᠣᠤᠷ ᠲᠤ ᠥᠭᠡᠷᠡᠴᠢᠯᠡᠯᠲᠡ ᠬᠢᠬᠦ ᠪᠤᠯᠤᠨ᠎ᠠ᠃ ᠡᠳᠡᠭᠡᠷ ᠰᠠᠭᠤᠭᠠᠯᠢ ᠲᠤᠭᠤᠷᠢᠭ ᠤᠨ ᠬᠤᠭᠤᠯᠠᠢ ᠲᠤᠤᠷ ᠤᠳᠠᠭᠠᠨ ᠤᠨ ᠬᠡᠷᠡᠭᠯᠡᠭᠰᠡᠨ ᠠᠴᠠ ᠬᠠᠭᠤᠴᠢᠷᠠᠭᠰᠠᠨ᠂ ᠪᠦᠭᠯᠡᠷᠡᠭᠰᠡᠨ ᠠᠰᠠᠭᠤᠳᠠᠯ ᠤᠷᠤᠰᠢᠵᠤ ᠪᠠᠶᠢᠨ᠎ᠠ᠃ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠳᠤ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ ᠪᠠᠷ ᠳᠠᠮᠵᠢᠭᠤᠯᠤᠨ᠂ ᠰᠠᠭᠤᠭᠠᠯᠢ ᠲᠣᠭᠤᠷᠢᠭ ᠤᠨ ᠪᠣᠳᠠᠲᠠᠶ ᠳᠤ ᠰᠠᠭᠤᠷᠢᠯᠠᠨ᠂ ︽ᠨᠢᠭᠡ ᠰᠠᠭᠤᠭᠠᠯᠢ ᠲᠣᠭᠤᠷᠢᠭ ᠨᠢᠭᠡ ᠲᠥᠰᠦᠯ︾ ᠤᠨ ᠵᠠᠷᠴᠢᠮ ᠶᠣᠰᠣᠭᠠᠷ᠂ ᠥᠭᠡᠷᠡᠴᠢᠯᠡᠬᠦ ᠲᠥᠰᠦᠯ ᠲᠣᠭᠲᠠᠭᠠᠵᠤ᠂ ᠪᠣᠶ ᠪᠥᠬᠦᠶ ᠰᠠᠭᠤᠭᠠᠯᠢ ᠲᠣᠭᠤᠷᠢᠭ ᠲᠤ 5 ᠰᠠᠷ᠎ᠠ ᠶᠢᠨ ᠡᠬᠢ ᠪᠠᠷ ᠠᠵᠢᠯ ᠢᠶᠠᠨ ᠡᠬᠢᠯᠡᠭᠦᠯᠵᠦ᠂ 9 ᠰᠠᠷ᠎ᠠ ᠶᠢᠨ ᠡᠬᠢ ᠪᠠᠷ ᠠᠵᠢᠯ ᠢᠶᠠᠨ ᠳᠠᠭᠤᠰᠬᠠᠬᠤ ᠪᠠᠷ ᠵᠢᠱᠢᠵᠦ ᠪᠣᠶ᠃
004.jpg
005.jpg
     ᠳᠤᠯᠠᠭᠠᠯᠭ᠎ᠠ ᠶᠢᠨ ᠲᠦᠷᠦᠯ ᠵᠦᠢᠯ ᠤᠳ ᠢ ᠡᠮᠬᠢ ᠵᠢᠷᠤᠮ ᠲᠠᠢ ᠠᠬᠢᠭᠤᠯᠵᠤ ᠪᠠᠶᠢᠭ᠎ᠠ ᠨᠢ ᠳ᠋ᠦᠩᠱᠧᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ ᠪᠠᠶᠢᠭ᠎ᠠ ᠬᠦᠴᠦᠲᠡᠶ ᠠᠵᠢᠯᠯᠠᠭ᠎ᠠ ᠪᠣᠯᠤᠨ᠎ᠠ᠃ ᠡᠨᠡ ᠵᠢᠯ᠂ ᠳ᠋ᠦᠩᠱᠧᠩ ᠲᠣᠭᠤᠷᠢᠭ 40 ᠳᠤᠯᠠᠭᠠᠯᠭ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠦᠬᠡᠷᠡᠴᠢᠯᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠣᠳᠣᠬᠠᠨ ᠪᠣᠯᠲᠠᠯ᠎ᠠ᠂ ᠳ᠋ᠦᠩᠱᠧᠩ ᠲᠣᠭᠤᠷᠢᠭ ᠤᠨ ᠬᠤᠢ ᠾᠧ ᠢᠯᠴᠢ ᠬᠠᠩᠭᠠᠬᠤ ᠺᠤᠮᠫᠠᠨᠢ ᠶᠢᠨ ᠰᠢᠨ ᠶᠠ ᠷᠦ ᠢᠯᠴᠢ ᠰᠤᠯᠢᠬᠤ ᠥᠷᠲᠡᠭᠡ ᠶᠢᠨ ᠥᠭᠡᠷᠡᠴᠢᠯᠡᠯᠲᠡ ᠶᠢᠨ ᠲᠥᠷᠥᠯ ᠵᠦᠢᠯ᠂ ᠮᠧᠩ ᠲᠠᠢ  ᠶᠢᠨ ᠤᠶᠤᠨᠴᠢ ᠢᠯᠴᠢ ᠬᠠᠩᠭᠠᠬᠤ ᠢᠯᠴᠢ ᠰᠤᠯᠢᠬᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠦᠷᠦᠯ ᠵᠤᠶᠢᠯ᠂ ᠳ᠋ᠦᠩ ᠮᠧᠩ ᠠᠳᠠᠯ ᠠᠬᠤᠢ ᠶᠢᠨ ᠬᠢᠵᠠᠭᠠᠷᠲᠤ ᠺᠣᠮᠫᠠᠨᠢ ᠶᠢᠨ ᠢᠯᠴᠢ ᠰᠤᠯᠢᠬᠤ ᠥᠷᠲᠡᠭᠡ ᠶᠢᠨ ᠤᠶᠤᠨᠴᠢ ᠢᠯᠴᠢ ᠬᠠᠩᠭᠠᠬᠤ ᠥᠭᠡᠷᠡᠴᠢᠯᠡᠯᠲᠡ ᠶᠢᠨ ᠲᠦᠷᠦᠯ ᠵᠤᠶᠢᠯ ᠵᠡᠷᠭᠡ 22 ᠲᠥᠷᠥᠯ ᠵᠦᠢᠯ ᠨᠢᠭᠡᠨᠲᠡ ᠠᠵᠢᠯ ᠡᠬᠢᠯᠡᠭᠦᠯᠬᠦ ᠪᠠ ᠰᠡᠷᠭᠦᠭᠡᠬᠦ ᠨᠥᠬᠦᠴᠡᠯ ᠢ ᠪᠦᠷᠢᠯᠳᠦᠬᠦᠯᠵᠤ᠂ ᠳᠤᠯᠠᠭᠠᠯᠭ᠎ᠠ ᠶᠢᠨ ᠬᠤᠭᠤᠴᠠᠭ᠎ᠠ ᠵᠤᠭᠰᠤᠭᠰᠠᠨ ᠤ ᠳᠠᠷᠠᠭ᠎ᠠ ᠠᠵᠢᠯ ᠢᠶᠠᠨ ᠡᠬᠢᠯᠡᠬᠦᠯᠬᠦ  ᠪᠠᠷ ᠪᠠᠶᠢᠨ᠎ᠠ᠃ ᠪᠤᠰᠤᠳ ᠲᠥᠷᠥᠯ ᠵᠤᠶᠢᠯ ᠤᠨ ᠭᠠᠷ ᠬᠦᠢᠴᠡᠳᠬᠡᠯ ᠢ ᠶᠠᠭ ᠲᠦᠷᠭᠡᠳᠬᠡᠨ ᠬᠦᠢᠴᠡᠳᠬᠡᠵᠤ ᠪᠠᠶᠢᠨ᠎ᠠ᠂ 4 ᠰᠠᠷ᠎ᠠ ᠶᠢᠨ ᠡᠬᠢ ᠪᠠᠷ ᠵᠠᠯᠭᠠᠭ᠎ᠠ ᠪᠠᠷ ᠠᠵᠢᠯ ᠡᠬᠢᠯᠡᠬᠦᠯᠬᠦ ᠪᠠᠷ ᠲᠥᠯᠥᠪᠯᠡᠵᠦ᠂ 9 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠪᠠᠷ ᠴᠢᠷᠮᠠᠶᠢᠵᠤ᠂ ᠪᠣᠶ ᠪᠥᠬᠦᠶ ᠲᠥᠷᠥᠯ ᠵᠤᠶᠢᠯ ᠢ ᠪᠡᠶᠡᠯᠡᠬᠦᠯᠦᠭᠰᠡᠨ ᠤ ᠳᠠᠷᠠᠭ᠎ᠠ ᠬᠤᠲᠠ ᠶᠢᠨ ᠳᠤᠯᠠᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠬᠦᠯᠬᠦ ᠪᠤᠯᠤᠨ᠎ᠠ᠃
006.jpg
     ︽ᠢᠷᠡᠯᠳᠡ ᠶᠢ ᠨᠡᠮᠡᠭᠳᠡᠬᠦᠯᠬᠦ︾ ︽ᠠᠷᠪᠢᠯᠠᠨ ᠭᠠᠮᠨᠠᠬᠤ︾ ᠵᠡᠷᠭᠡ ᠣᠯᠠᠨ ᠲᠠᠯ᠎ᠠ ᠪᠠᠷ ᠬᠦᠴᠦᠯᠡᠵᠦ᠂ ᠠᠷᠠᠳ ᠤᠨ ᠠᠮᠢᠳᠤᠷᠠᠯ ᠤᠨ ︽ᠬᠦᠰᠡᠯ︾ ᠢ ᠬᠠᠩᠭᠠᠨ᠎ᠠ     ︽ᠢᠷᠡᠯᠳᠡ ᠶᠢ ᠨᠡᠮᠡᠭᠳᠡᠬᠦᠯᠬᠦ︾ ᠪᠠ ︽ᠠᠷᠪᠢᠯᠠᠨ ᠭᠠᠮᠨᠠᠬᠤ︾ ᠶᠢ ᠵᠡᠷᠭᠡ ᠪᠠᠷ ᠴᠢᠬᠤᠯᠠᠴᠢᠯᠠᠪᠠᠯ ᠰᠠᠶ᠋ᠢ ᠬᠤᠲᠠ ᠶᠢᠨ ︽ᠤᠰᠤᠨ ᠠᠰᠢᠭᠯᠠᠯᠲᠠ ᠶᠢᠨ ᠠᠵᠢᠯ︾ ᠢ ᠭᠦᠢᠴᠡᠳ ᠰᠠᠶᠢᠨ ᠬᠢᠵᠦ ᠴᠢᠳᠠᠨ᠎ᠠ᠃ ᠳ᠋ᠦᠩᠱᠧᠩ ᠲᠣᠭᠤᠷᠢᠭ ᠤᠰᠤ ᠲᠠᠲᠠᠬᠤ᠂ ᠬᠠᠩᠭᠠᠬᠤ᠂ ᠬᠡᠷᠡᠭᠯᠡᠬᠦ᠂ ᠠᠷᠪᠢᠯᠠᠬᠤ᠂ ᠭᠠᠳᠠᠭᠰᠢᠯᠠᠭᠤᠯᠬᠤ ᠵᠡᠷᠭᠡ ᠤᠰᠤᠨ ᠳᠤ ᠬᠤᠯᠪᠣᠭᠳᠠᠬᠤ ᠭᠤᠣᠯ ᠴᠣᠭᠴᠠ ᠶᠢᠨ ᠬᠠᠷᠢᠴᠠᠭ᠎ᠠ ᠶᠢ ᠴᠢᠨᠠᠭᠰᠢᠳᠠ ᠰᠢᠯᠤᠭᠤᠳᠬᠠᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠣᠨᠣᠪᠴᠢᠲᠠᠢ ᠪᠠᠶᠢᠯᠭᠠᠵᠤ᠂ ᠰᠢᠨᠵᠢᠯᠡᠬᠦ ᠤᠬᠠᠭᠠᠨᠴᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠢ ᠪᠦᠷᠢᠯᠳᠦᠬᠦᠯᠤᠨ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠪᠦᠬᠦ ᠬᠦᠴᠦᠨ ᠢᠶᠠᠷ ᠬᠢᠵᠤ ᠪᠠᠶᠢᠨ᠎ᠠ᠃ ᠣᠶᠤᠨᠲᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠬᠠᠮᠢᠶᠠᠷᠬᠤ᠂ ᠬᠠᠮᠲᠤᠷᠠᠨ ᠲᠣᠬᠢᠷᠠᠭᠤᠯᠬᠤ ᠶᠢ ᠪᠡᠶᠡᠯᠡᠬᠦᠯᠦᠨ᠎ᠡ᠃ ᠡᠭᠦᠨ ᠳᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠬᠤ ᠶᠢ ᠬᠢᠵᠠᠭᠠᠷᠯᠠᠬᠤ ᠲᠥᠷᠥᠯ ᠵᠦᠢᠯ ᠳᠤ ᠭᠤᠣᠯᠳᠠᠭᠤ ᠣᠶᠤᠨᠲᠤ ᠤᠰᠤᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠤᠨ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠥᠭᠡᠷᠡᠴᠢᠯᠡᠯᠲᠡ ᠶᠢ ᠬᠢᠵᠦ᠂ ᠡᠨᠡ ᠵᠢᠯ ᠣᠶᠤᠨᠲᠤ ᠤᠰᠤᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ᠂ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠤᠨ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠥᠭᠡᠷᠡᠴᠢᠯᠡᠯᠲᠡ ᠪᠠ ᠬᠡᠰᠡᠭ ᠤᠰᠤᠨ ᠬᠡᠮᠵᠢᠭᠦᠷ ᠤᠨ ᠰᠢᠨᠡᠴᠢᠯᠡᠯᠲᠡ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠡᠬᠢᠯᠡᠭᠦᠯᠦᠨ᠎ᠡ︔ ᠤᠰᠤ ᠬᠠᠩᠭᠠᠬᠤ ᠬᠤᠭᠤᠯᠠᠢ ᠱᠤᠭᠤᠮ ᠵᠠᠳᠠᠭᠠᠢ ᠰᠤᠯᠠ ᠭᠠᠵᠠᠷ ᠤᠨ ᠨᠢᠭᠡ ᠴᠣᠭᠴᠠᠵᠢᠭᠰᠠᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠢ ᠨᠢᠭᠡᠨᠲᠡ ᠵᠢᠩᠬᠢᠨᠢ ᠪᠠᠷ ᠡᠬᠢᠯᠡᠨ ᠬᠡᠷᠡᠭᠵᠢᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠳᠠᠯᠠᠵᠤ᠂ ︽ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ︾ ᠶᠢ ᠠᠬᠢᠭᠤᠯᠵᠤ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃
007.jpg
008.jpg
     ︽ᠠᠷᠠᠳ ᠲᠤ ᠪᠤᠶᠠᠨ ᠦᠢᠯᠡᠳᠬᠦ ᠤᠭ ᠰᠠᠨᠠᠭ᠎ᠠ ᠬᠤᠪᠢᠷᠠᠰᠢ ᠦᠭᠡᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠯ ᠡᠭᠦᠷᠢᠳᠡ ᠳᠠᠭᠤᠰᠤᠰᠢ ᠦᠭᠡᠢ︾᠃ ᠳ᠋ᠦᠩᠱᠧᠩ ᠲᠣᠭᠤᠷᠢᠭ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠲᠤ ᠪᠠᠬᠢᠵᠢᠬᠦᠯᠵᠤ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠳᠤ ᠠᠩᠬᠠᠷᠤᠯ ᠢᠶᠠᠨ ᠲᠦᠪᠯᠡᠷᠡᠬᠦᠯᠦᠨ᠂ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠰᠠᠬᠢᠬᠤ᠂ ᠡᠷᠬᠡ ᠲᠡᠭᠰᠢ ᠶᠢ ᠠᠬᠢᠭᠤᠯᠬᠤ ᠪᠠᠷ ᠴᠢᠷᠮᠠᠶᠢᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠳᠡᠭᠡᠭᠰᠢᠯᠡᠬᠦᠯᠦᠨ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ︽ᠰᠢᠨ᠎ᠡ ᠦᠷ᠎ᠡ ᠪᠦᠲᠦᠭᠡᠯ︾ ᠢ ᠡᠳ᠋ᠯᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠵᠢᠷᠤᠭ ᠲᠥᠯᠥᠪᠯᠡᠭᠡ ᠶᠢ ᠲᠠᠰᠤᠷᠠᠯᠲᠠ ᠦᠭᠡᠢ ᠵᠢᠷᠤᠭᠯᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ