ᠨᠠᠶᠢᠷᠠᠯ ᠳᠠᠭᠤᠤ ᠪᠠᠷ ᠢᠶᠠᠨ ᠡᠬᠡ ᠤᠷᠤᠨ ᠵᠢᠷᠭᠠᠯᠳᠤ ᠠᠮᠢᠳᠤᠷᠠᠯ ᠢᠶᠠᠨ ᠮᠠᠭᠳᠠᠨ ᠳᠠᠭᠤᠯᠠᠨᠠᠮ
ᠨᠡᠶᠢᠲᠡᠯᠡᠭᠰᠡᠨ ᠴᠠᠭ᠄
2024/5/20
      5 ᠰᠠᠷ᠎ᠠ ᠶᠢᠨ 19 ᠤ ᠡᠳᠦᠷ᠂ ᠳ᠋ᠦᠩᠱᠧᠩ ᠲᠣᠭᠤᠷᠢᠭ ᠤᠨ ︽ᠰᠣᠶᠣᠯ ᠤᠨ ᠣᠷᠳᠣᠨ ᠤ ᠦᠢᠯᠡᠴᠢᠯᠡᠭᠡ ᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠣᠯᠠᠨ ᠲᠦᠮᠡᠨ ᠤ ᠨᠠᠶᠢᠷᠠᠯ ᠳᠠᠭᠤᠤ ᠶᠢᠨ ᠠᠵᠢᠯᠯᠠᠭ᠎ᠠ ᠶᠠᠪᠤᠭᠳᠠᠪᠠ᠃
微信图片_20240521104200.jpg
王云梅.jpg  
     ︽ᠪᠢᠳᠡ ᠮᠠᠰᠢ ᠰᠡᠳᠬᠢᠯ ᠳᠣᠭᠳᠣᠯᠵᠤ ᠪᠠᠶᠢᠨ᠎ᠠ᠂ ᠡᠬᠡ ᠤᠯᠤᠰ ᠢᠶᠠᠨ ᠬᠠᠶᠢᠷᠠᠯᠠᠬᠤ ᠳᠠᠭᠤᠤ ᠪᠣᠯᠭᠠᠨ ᠳᠤ ᠪᠢᠳᠡᠨ ᠤ ᠡᠬᠡ ᠤᠯᠤᠰ ᠢᠶᠠᠨ ᠬᠠᠶᠢᠷᠠᠯᠠᠬᠤ ᠬᠠᠶᠢᠷ᠎ᠠ ᠪᠠ ᠵᠣᠯ ᠵᠢᠷᠭᠠᠯᠲᠤ ᠠᠮᠢᠳᠤᠷᠠᠯ ᠳᠠᠭᠠᠨ ᠲᠠᠯᠠᠷᠬᠠᠬᠤ ᠰᠡᠳᠬᠢᠯᠭᠡ ᠰᠢᠩᠭᠡᠵᠦ ᠪᠠᠶᠢᠨ᠎ᠠ᠂ ᠡᠳᠡᠭᠡᠷ ᠵᠣᠯ ᠵᠢᠷᠭᠠᠯᠲᠤ ᠳᠠᠭᠤᠤ ᠶᠢ ᠨᠡᠩ ᠤᠯᠠᠨ ᠬᠥᠮᠥᠨ ᠳᠤ ᠳᠠᠭᠤᠯᠠᠬᠤ ᠶᠢ ᠬᠦᠰᠡᠵᠦ ᠪᠠᠶᠢᠨ᠎ᠠ︾                         — ᠯᠢᠨ ᠶᠢᠨ ᠵᠡᠭᠡᠯᠢ ᠭᠤᠳᠤᠮᠵᠢ ᠶᠢᠨ ᠦ᠋ ᠳ᠋ᠦᠩ ᠼᠠᠢ ᠬᠤᠩ ᠨᠠᠶᠢᠷᠠᠯ ᠳᠠᠭᠤᠤ ᠶᠢᠨ ᠪᠦᠯᠬᠦᠮ ᠤᠨ ᠳᠠᠷᠤᠭ᠎ᠠ ᠸᠠᠩ ᠶᠦᠨ ᠮᠧᠶ       ᠲᠣᠰ ᠤᠳᠠᠭᠠᠨ ᠤ ᠠᠵᠢᠯᠯᠠᠭ᠎ᠠ ᠶᠢ ᠳ᠋ᠦᠩᠱᠧᠩ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠯᠢᠨ ᠶᠢᠨ ᠵᠡᠭᠡᠯᠢ ᠭᠤᠳᠤᠮᠵᠢ ᠠᠴᠠ ᠭᠤᠣᠯᠯᠠᠨ ᠡᠷᠭᠢᠯᠡᠵᠦ᠂ ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ ᠳᠠᠭᠠᠭᠠᠴᠢᠯᠠᠨ ᠡᠷᠭᠢᠯᠡᠪᠡ᠃ ᠱᠠᠨ ᠰᠢ ᠶᠢᠨ ᠲᠠᠶᠢᠶᠤᠸᠠᠨ ᠤ ᠯᠦᠩᠴᠧᠩ ᠬᠤᠲᠠ ᠶᠢᠨ ᠪᠢᠨ ᠾᠧ ᠶᠢᠨ ᠠᠶᠠᠯᠭᠤ ᠨᠠᠶᠢᠷᠠᠯ ᠳᠠᠭᠤᠤ ᠶᠢᠨ ᠪᠦᠯᠬᠦᠮ ᠢ ᠤᠷᠢᠵᠤ᠂ ᠳ᠋ᠦᠩᠱᠧᠩ ᠲᠣᠭᠤᠷᠢᠭ ᠤᠨ 12 ᠵᠡᠭᠡᠯᠢ ᠭᠤᠳᠤᠮᠵᠢ ᠶᠢᠨ 13 ᠨᠠᠶᠢᠷᠠᠯ ᠳᠠᠭᠤᠤ ᠶᠢᠨ ᠪᠦᠯᠬᠦᠮ ᠤᠨ ᠵᠠᠭᠤ ᠭᠠᠷᠤᠢ ᠬᠥᠮᠥᠰ ᠲᠠᠢ ᠬᠠᠮᠲᠤᠪᠠᠷ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾᠂ ︽ᠲᠦᠷᠦ ᠭᠦᠷᠦᠨ︾᠂ ︽ᠨᠠᠨ ᠨᠢ ᠸᠠᠨ︾᠂ ︽ᠪᠢᠴᠢᠬᠠᠨ ᠴᠠᠭᠠᠨ ᠤᠯᠢᠶᠠᠰᠤ︾᠂ ︽ᠨᠦᠬᠡᠨ ᠵᠠᠮ ᠤᠨ ᠪᠠᠶᠢᠯᠳᠤᠭᠠᠨ︾ ᠵᠡᠷᠭᠡ ᠤᠯᠤᠰ ᠢᠶᠠᠨ ᠬᠠᠶᠢᠷᠠᠯᠠᠬᠤ ᠰᠣᠩᠭᠤᠳᠠᠭ ᠳᠠᠭᠤᠤ ᠶᠢ ᠳᠠᠭᠤᠯᠠᠵᠤ᠂ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ᠂ ᠰᠡᠳᠬᠢᠯ ᠢ ᠳᠤᠭᠳᠤᠯᠠᠭᠤᠯᠤᠮ᠎ᠠ ᠳᠠᠭᠤᠤ ᠪᠠᠷ ᠢᠶᠠᠨ ᠡᠬᠡ ᠤᠯᠤᠰ ᠢᠶᠠᠨ ᠬᠠᠶᠢᠷᠠᠯᠠᠬᠤ ᠪᠠ ᠵᠣᠯ ᠵᠢᠷᠭᠠᠯᠲᠤ ᠠᠮᠢᠳᠤᠷᠠᠯ  ᠢᠶᠠᠨ ᠮᠠᠭᠳᠠᠨ  ᠳᠠᠭᠤᠯᠠᠵᠠᠭᠠᠪᠠ᠃
杨芳.jpg
      ︽ᠳ᠋ᠦᠩᠱᠧᠩ ᠬᠡᠬᠦ ᠡᠨᠡᠬᠦ ᠦᠵᠡᠰᠬᠦᠯᠡᠩᠲᠦ ᠰᠠᠶᠢᠬᠠᠨ ᠬᠤᠳᠠ ᠳᠤ ᠢᠷᠡᠵᠤ᠂ ᠳ᠋ᠦᠩᠱᠧᠩ ᠤᠨ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠰᠤᠩᠭᠤᠳᠠᠭ ᠳᠠᠭᠤᠤ ᠳᠤ ᠬᠠᠯᠠᠭᠤᠨ ᠰᠡᠳᠬᠢᠯᠭᠡ ᠲᠠᠢ ᠪᠠᠶᠢᠭ᠎ᠠ ᠶᠢ ᠮᠡᠳᠡᠷᠡᠵᠦ᠂ ᠰᠤᠩᠭᠤᠳᠠᠭ ᠳᠠᠭᠤᠤ ᠪᠤᠯᠭᠠᠨ ᠢ ᠤᠯᠠᠨ ᠢᠶᠠᠷ ᠢᠶᠠᠨ ᠪᠦᠷ ᠳᠠᠭᠤᠯᠠᠵᠤ ᠴᠢᠳᠠᠨ᠎ᠠ᠂ ᠬᠤᠵᠢᠮ ᠳ᠋ᠦᠩᠱᠧᠩ ᠳᠤ ᠪᠠᠰᠠ ᠳᠠᠬᠢᠨᠳᠠ ᠢᠷᠡᠵᠤ᠂ ᠨᠡᠩ ᠤᠯᠠᠨ ᠬᠥᠮᠥᠰ ᠲᠠᠢ ᠬᠠᠮᠲᠤᠪᠠᠷ ᠤᠯᠤᠰ ᠢᠶᠠᠨ ᠬᠠᠶᠢᠷᠠᠯᠠᠬᠤ ᠳᠠᠭᠤᠤ ᠶᠢ ᠬᠠᠮᠲᠤᠷᠠᠨ ᠳᠠᠭᠤᠯᠠᠵᠤ᠂ ᠰᠠᠶᠢᠨ ᠰᠠᠶᠢᠬᠠᠨ ᠠᠮᠢᠳᠤᠷᠠᠯ ᠢ ᠳᠠᠭᠤᠯᠠᠬᠤ ᠶᠢ ᠬᠦᠰᠡᠵᠦ ᠪᠠᠶᠢᠨ᠎ᠠ︾                        — ᠱᠠᠨ ᠰᠢ  ᠶᠢᠨ ᠲᠠᠶᠢᠶᠤᠸᠠᠨ ᠤ ᠯᠦᠩᠴᠧᠩ ᠬᠤᠳᠠ ᠶᠢᠨ ᠪᠢᠨ ᠾᠧ  ᠶᠢᠨ ᠠᠶᠠᠯᠭᠤ ᠨᠠᠶᠢᠷᠠᠯ ᠳᠠᠭᠤᠨ ᠤ ᠪᠦᠯᠬᠦᠮ ᠤᠨ ᠤᠳᠤᠷᠢᠳᠤᠭᠠᠴᠢ  ᠶᠠᠩ ᠹᠠᠩ
微信图片_20240521104208.jpg
      ᠲᠤᠬᠠᠢ  ᠶᠢᠨ ᠲᠠᠯᠠᠪᠠᠶ ᠠᠴᠠ ᠭᠠᠳᠠᠨ᠎ᠠ᠂ ᠡᠨᠡ ᠤᠳᠠᠭᠠᠨ ᠤ ᠨᠠᠶᠢᠷᠠᠯ ᠳᠠᠭᠤᠤ ᠨᠢ ᠰᠦᠯᠵᠢᠶᠡᠨ ᠳᠡᠭᠡᠷ᠎ᠡ ᠴᠦ ᠤᠯᠤᠰ ᠢᠶᠠᠨ ᠬᠠᠶᠢᠷᠠᠯᠠᠬᠤ ᠨᠠᠶᠢᠷᠠᠯ ᠳᠠᠭᠤᠤ ᠶᠢ ᠳᠠᠭᠤᠯᠠᠬᠤ ᠬᠠᠯᠠᠭᠤᠨ ᠥᠷᠨᠢᠯᠲᠡ ᠶᠢ ᠭᠠᠷᠭᠠᠵᠠᠢ᠃ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠪᠥᠬᠦ ᠲᠠᠪᠴᠠᠩ ᠤᠨ ᠰᠢᠭᠤᠳ ᠨᠡᠪᠳᠡᠷᠡᠬᠦᠯᠬᠡ ᠶᠢ ᠦᠵᠡᠭᠰᠡᠨ ᠬᠥᠮᠥᠨ ᠤ ᠲᠤᠭ᠎ᠠ 130 ᠲᠦᠮᠡ ᠶᠢ ᠳᠠᠪᠠᠵᠤ᠂ ᠰᠢᠭᠤᠳ ᠨᠡᠪᠳᠡᠷᠡᠬᠦᠯᠬᠡ ᠳᠤ ᠤᠷᠤᠯᠴᠠᠭᠰᠠᠨ ᠬᠥᠮᠥᠨ ᠤ ᠲᠤᠭ᠎ᠠ ᠬᠠᠮᠤᠭ ᠤᠨ ᠥᠨᠳᠥᠷ ᠲᠡᠭᠡᠨ 30 ᠲᠦᠮᠡ ᠶᠢ ᠳᠠᠪᠠᠵᠠᠢ᠃ ᠲᠤᠰ ᠠᠵᠢᠯᠯᠠᠭ᠎ᠠ ᠨᠢ ᠳ᠋ᠦᠩᠱᠧᠩ ᠤᠨ ᠠᠷᠠᠳ ᠢᠷᠭᠡᠳ ᠤᠨ ᠵᠣᠯ ᠵᠢᠷᠭᠠᠯᠲᠤ ᠰᠣᠶᠣᠯ ᠤᠨ ᠠᠮᠢᠳᠤᠷᠠᠯ ᠢ ᠴᠤᠤᠷᠢᠶᠠᠲᠤᠭᠤᠯᠤᠭᠰᠠᠨ ᠢᠶᠠᠷ ᠪᠠᠷᠠᠬᠤ ᠦᠭᠡᠢ ᠪᠠᠰᠠ ᠳ᠋ᠦᠩᠱᠧᠩ ᠤᠨ ᠰᠠᠶᠢᠨ ᠰᠠᠶᠢᠬᠠᠨ ᠬᠤᠳᠠ ᠶᠢᠨ ᠳᠦᠷᠢ ᠲᠥᠷᠬᠦ ᠶᠢ ᠨᠡᠩ ᠤᠯᠠᠨ ᠬᠥᠮᠥᠰ ᠲᠤ ᠳᠡᠯᠭᠡᠨ ᠦᠵᠡᠭᠦᠯᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ