ᠲᠤᠭᠤᠷᠢᠭ ᠤᠨ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
     ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ     ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠰᠤᠳᠤᠯᠪᠠ     ᠭᠤᠤ ᠢ ᠳ᠋ᠦᠩ ᠬᠤᠷᠠᠯ ᠢ ᠡᠷᠬᠢᠯᠡᠪᠡ    5 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 94 ᠤᠳᠠᠭᠠᠨ ᠤ ᠪᠠᠶᠢᠩᠭᠤ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠬᠡᠵᠡᠢ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠮᠸᠢᠢᠵᠸᠦ ᠬᠤᠲᠠ ᠶᠢᠨ ᠮᠸᠢᠢᠵᠸᠦ ᠠᠴᠠ ᠳ᠋ᠠᠪᠦ᠋ ᠬᠦᠷᠬᠦ ᠲᠦᠷᠭᠡᠨ ᠵᠠᠮ ᠤᠨ ᠴᠠᠶᠠᠩ  ᠳᠠᠬᠢ ᠵᠠᠮ ᠤᠨ ᠬᠡᠰᠡᠭ ᠤᠨ ᠴᠦᠮᠦᠷᠡᠨ ᠨᠤᠷᠠᠭᠰᠡᠨ ᠭᠠᠮᠰᠢᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠴᠠᠭ ᠦᠶ᠎ᠡ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ ᠬᠡᠵᠡᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠤᠭᠠᠴᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳ᠋ᠦᠩᠱᠧᠩ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠨᠢᠬᠡᠳᠬᠡᠵᠤ᠂ ᠤᠯᠠᠮᠵᠢᠯᠠᠯᠲᠤ ᠦᠵᠡᠮᠵᠢ ᠶᠢᠨ ᠣᠷᠣᠨ ᠢ ᠥᠭᠡᠷᠡᠴᠢᠯᠡᠨ ᠲᠡᠰ ᠲᠡᠪᠰᠢᠬᠦᠯᠬᠦ ᠶᠢ ᠲᠦᠷᠭᠡᠳᠬᠡᠵᠦ᠂ ᠤᠨᠴᠠᠯᠢᠬᠳᠤ ᠵᠤᠭᠠᠴᠠᠯ ᠤᠨ ᠪᠦᠲᠦᠭᠡᠭᠳᠡᠬᠦᠨ ᠢ ᠨᠠᠷᠢᠨ ᠨᠢᠮᠪᠠᠢ ᠲᠥᠰᠦᠪᠯᠡᠨ ᠪᠤᠶᠢᠵᠢᠭᠤᠯᠬᠤ ᠬᠡᠷᠡᠭᠲᠡᠢᠬᠡᠵᠡᠢ᠃    ᠬᠤᠷᠠᠯ ᠠᠴᠠ ᠳ᠋ᠦᠩᠱᠧᠩ ᠲᠣᠭᠤᠷᠢᠭ ᠤᠨ 1 - 5 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠭᠦᠢᠴᠡᠳᠬᠡᠯ ᠲᠤᠭ᠎ᠠ ᠶᠢᠨ ᠵᠠᠳᠠᠯᠤᠯᠲᠠ ᠪᠠ ᠳᠠᠯᠳᠠ ᠬᠦᠴᠦᠨ ᠢ ᠠᠭᠤᠳᠠᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭᠠᠳᠤ ᠠᠵᠢᠯ ᠲᠦᠷᠦᠯ᠂ ᠭᠤᠤᠯᠳᠠᠯᠭᠠᠳᠤ ᠬᠦᠷᠢᠶ᠎ᠡ᠂  ᠭᠤᠤᠯᠳᠠᠯᠭᠠᠳᠤ ᠠᠵᠤ ᠠᠬᠤᠶᠢᠯᠠᠯ᠂ ᠭᠤᠤᠯᠳᠠᠯᠭᠠᠳᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠪᠠᠶᠢᠴᠠᠭᠠᠨ ᠪᠦᠷᠢᠳᠬᠡᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠷᠤᠭᠤᠯᠬᠤ ᠶᠤᠰᠤᠳᠠᠢ ᠶᠢ ᠨᠢ ᠪᠦᠬᠦᠨ ᠢ ᠤᠷᠤᠭᠤᠯᠵᠤ᠂ ᠪᠦᠷᠢᠳᠬᠡᠬᠦ ᠶᠤᠰᠤᠳᠠᠢ ᠶᠢ ᠨᠢ ᠪᠦᠬᠦᠨ ᠢ  ᠪᠦᠷᠢᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠢᠶᠠᠷ ᠬᠥᠭᠵᠢᠭᠦᠯᠵᠦ᠂ ᠭᠠᠵᠠᠷ ᠰᠢᠷᠣᠶ ᠶᠢᠨ ᠬᠠᠩᠭᠠᠯᠭ᠎ᠠ ᠶᠢᠨ ᠵᠠᠭᠪᠤᠷ ᠢ ᠰᠢᠯᠢᠳᠡᠭᠵᠢᠭᠦᠯᠦᠨ᠂ ᠴᠢᠨᠠᠷ ᠲᠡᠰᠳᠤ ᠣᠷᠣᠨ ᠰᠠᠭᠤᠴᠠ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠯ᠎ᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠲᠠᠢ ᠨᠢᠭᠲᠠ ᠬᠠᠷᠢᠯᠴᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠡᠯ᠎ᠡ ᠵᠠᠩᠭᠢᠯᠠᠭ᠎ᠠ ᠶᠢᠨ ᠴᠢᠭ ᠢ ᠡᠵᠡᠮᠰᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠪᠠᠷᠢᠮᠲᠠ ᠶᠢ ᠨᠠᠷᠢᠨ ᠬᠢᠨᠠᠮᠠᠭᠠᠶ ᠡᠮᠬᠢᠯᠡᠨ ᠵᠠᠳᠠᠯᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠬᠡᠵᠡᠢ᠃    ᠬᠤᠷᠠᠯ ᠠᠴᠠ ᠳ᠋ᠦᠩᠱᠧᠩ ᠲᠣᠭᠤᠷᠢᠭ ᠤᠨ ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠶᠢᠬᠠᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ︽ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠶᠢᠬᠠᠨ ᠰᠢᠢᠳᠪᠦᠷᠢᠯᠡᠬᠦ︾ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠠᠵᠢᠯ ᠤᠨ ᠰᠤᠷᠲᠠᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠬᠡᠷᠡᠭᠲᠡᠢ ᠬᠡᠵᠡᠢ᠃      ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠳᠦᠷᠢᠮ︾᠂ ︽ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ᠪᠣᠯᠣᠨ ︽ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ 2024 ᠣᠨ ᠤ ᠠᠵᠢᠯ ᠤᠨ ᠲᠣᠬᠢᠷᠠᠭᠤᠯᠤᠯᠲᠠ︾ ᠶᠢ ᠰᠤᠳᠤᠯᠤᠨ ᠬᠢᠨᠠᠨ ᠵᠥᠪᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠ ᠲᠦᠢᠯᠰᠢᠷᠠᠯ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠤ ᠭᠦᠨᠵᠡᠭᠡᠢ ᠠᠭᠤᠰᠤᠯᠴᠠᠯ ᠢ ᠨᠡᠩ ᠰᠠᠶᠢᠲᠤᠷ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠡᠢ᠃    ᠬᠤᠷᠠᠯ ᠠᠴᠠ ︽2024 ᠣᠨ ᠤ ᠳ᠋ᠦᠩᠱᠧᠩ ᠲᠣᠭᠤᠷᠢᠭ ᠤᠨ ᠠᠵᠢᠯ ᠦᠢᠯᠡᠰ ᠤᠨ ᠨᠢᠬᠡᠴᠡ ᠶᠢᠨ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠴᠢᠳᠠᠪᠤᠷᠢᠲᠠᠨ ᠢ ᠰᠣᠩᠭᠤᠬᠤ᠂ ᠬᠥᠮᠦᠵᠢᠭᠦᠯᠬᠦ᠂ ᠦᠯᠡᠳᠡᠭᠡᠬᠦ᠂ ᠬᠡᠷᠡᠭᠯᠡᠬᠦ ᠠᠵᠢᠯ ᠢ ᠶᠡᠷᠦᠩᠬᠡᠶᠢᠯᠡᠨ ᠰᠠᠶᠢᠲᠤᠷ ᠬᠢᠵᠦ᠂ ᠴᠢᠳᠠᠪᠤᠷᠢᠲᠠᠨ ᠤ ᠬᠤᠶᠢᠰᠢᠳᠠ ᠶᠢᠨ ᠵᠣᠪᠠᠨᠢᠯ ᠢ ᠭᠤᠣᠯᠳᠠᠯᠭ᠎ᠠ ᠲᠠᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ ᠬᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ