ᠳ᠋ᠦᠩᠱᠧᠩ ᠲᠣᠭᠤᠷᠢᠭ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠴᠢ ᠬᠢᠨᠠᠯᠲᠠ ᠲᠠᠯᠪᠢᠵᠤ ᠨᠡᠪᠲᠡᠷᠡᠯᠴᠡᠨ ᠵᠣᠬᠢᠴᠠᠭᠤᠯᠬᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
    5 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠬᠤᠷᠠᠯ ᠬᠤᠷᠠᠯᠳᠤᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠴᠢ ᠬᠢᠨᠠᠯᠲᠠ ᠲᠠᠯᠪᠢᠵᠤ ᠨᠡᠪᠲᠡᠷᠡᠯᠴᠡᠨ ᠵᠣᠬᠢᠴᠠᠭᠤᠯᠬᠤ ᠠᠵᠢᠯ ᠢ ᠲᠠᠬᠢᠨ ᠰᠤᠳᠤᠯᠵᠤ ᠲᠠᠬᠢᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠤᠨ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠴᠢ ᠬᠢᠨᠠᠯᠲᠠ ᠲᠠᠯᠪᠢᠵᠤ ᠨᠡᠪᠲᠡᠷᠡᠯᠴᠡᠨ ᠵᠣᠬᠢᠴᠠᠭᠤᠯᠬᠤ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠺᠦᠩ ᠹᠠᠨ ᠹᠸᠢ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠦᠶ᠎ᠠ ᠶᠢᠨ ᠶᠠᠷᠢᠶᠠᠨ ᠤ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠭᠤᠤ ᠢ ᠳ᠋ᠦᠩ᠂ ᠪᠥᠬᠦ ᠲᠤᠭᠤᠷᠢᠭ ᠢᠶᠠᠷ ᠢᠶᠠᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠮᠥᠨ ᠯᠡ ᠠᠮᠠᠷᠬᠠᠨ ᠡᠭᠦᠰᠴᠦ ᠣᠯᠠᠨ ᠡᠭᠦᠰᠳᠡᠭ ᠢ ᠰᠡᠷᠬᠡᠭ ᠢᠶᠠᠷ ᠲᠠᠨᠢᠨ ᠮᠡᠳᠡᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠵᠠᠶᠢᠯᠠᠰᠢ ᠥᠬᠡᠶ ᠴᠢᠨᠠᠷ ᠢ ᠭᠦᠨᠵᠡᠭᠡᠶ ᠣᠶᠢᠯᠠᠭᠠᠬᠤ ᠬᠡᠷᠡᠭᠲᠡᠶ᠃ ᠲᠣᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠬᠦ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠤᠨ ᠰᠤᠷᠲᠠᠯ ᠢ ᠦᠷᠭᠦᠯᠵᠢᠯᠡᠨ ᠴᠡᠪᠡᠷᠰᠢᠭᠦᠯᠵᠦ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠪᠣᠳᠠᠲᠤ ᠶᠠᠪᠤᠳᠠᠯ᠂ ᠨᠠᠮ ᠤᠨ ᠲᠥᠷᠥ ᠪᠠᠷᠢᠬᠤ ᠰᠠᠭᠤᠷᠢ ᠳᠤ ᠬᠤᠯᠪᠣᠭᠳᠠᠬᠤ ᠶᠡᠭᠡ ᠶᠠᠪᠤᠳᠠᠯ ᠢ ᠦᠨᠡᠨ ᠬᠦ ᠯᠠᠪᠳᠠᠭᠤᠨ ᠪᠠᠳᠤᠳᠠᠢ ᠠᠳᠬᠤᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠪᠠ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠰᠦᠪᠡᠭᠴᠢ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠤᠷᠲᠠᠯ ᠢ ᠴᠡᠭᠴᠡᠯᠡᠨ ᠰᠠᠮᠠᠭᠤᠷᠠᠯ ᠢ ᠵᠠᠰᠠᠬᠤ ᠶᠢ ᠴᠢᠩᠭ᠎ᠠ ᠠᠳᠬᠤᠵᠤ᠂ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ᠂ ᠬᠡᠷᠡᠭ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠵᠠᠰᠠᠯᠳᠠ ᠶᠢ ᠬᠤᠯᠪᠤᠭᠳᠤᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ ᠬᠠᠷᠢᠭᠤ ᠲᠤᠰᠬᠠᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠵᠤ᠂ ᠲᠤᠬᠢᠷᠠᠭᠤᠯᠤᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠵᠣᠷᠢᠭᠲᠠᠢ ᠪᠠᠷ ᠬᠢᠨᠠᠮᠠᠭᠠᠢ ᠠᠵᠢᠯᠯᠠᠵᠤ ᠬᠦᠴᠢᠷ  ᠢ ᠰᠢᠢᠳᠪᠤᠷᠢᠯᠡᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ