ᠳ᠋ᠦᠩ ᠯᠢᠶᠠᠩ ᠬᠠᠩᠭᠠᠨ ᠪᠤᠷᠤᠯᠠᠭᠤᠯᠭ᠎ᠠ ᠶᠢᠨ ᠲᠠᠷᠢᠶᠠᠯᠠᠩ ᠤᠨ ᠪᠦᠳᠦᠬᠡᠭᠳᠡᠬᠦᠨ ᠤ ᠤᠶᠤᠨᠴᠢ ᠠᠷᠠᠯᠵᠢᠶᠠᠨ ᠤ ᠵᠠᠬ᠎ᠠ ᠳᠡᠯᠭᠡᠭᠦᠷ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2024/5/21
      5 ᠰᠠᠷ᠎ᠠ ᠶᠢᠨ 18 ᠤ ᠡᠳᠦᠷ᠂ ᠳ᠋ᠦᠩ ᠯᠢᠶᠠᠩ ᠬᠠᠩᠭᠠᠨ ᠪᠤᠷᠤᠯᠠᠭᠤᠯᠭ᠎ᠠ ᠶᠢᠨ ᠳᠠᠷᠢᠶᠠᠯᠠᠩ ᠤᠨ ᠪᠦᠳᠦᠬᠡᠭᠳᠡᠬᠦᠨ ᠤ ᠤᠶᠤᠨᠴᠢ ᠠᠷᠠᠯᠵᠢᠶᠠᠨ ᠤ ᠵᠠᠬ᠎ᠠ ᠳᠡᠯᠭᠡᠭᠦᠷ ᠠᠰᠢᠭᠯᠠᠯᠲᠠ ᠳᠤ ᠣᠷᠣᠪᠠ᠃ ᠠᠳᠡ ᠰᠢᠨ᠎ᠡ ᠰᠣᠷᠭᠤᠭ ᠨᠠᠪᠴᠢ ᠨᠤᠭᠤᠭ᠎ᠠ ᠵᠢᠮᠢᠰ ᠢ ᠳᠡᠭᠰᠢᠬᠡᠨ ᠪᠠᠶᠢᠷᠢᠯᠠᠭᠤᠯᠤᠨ ᠳᠠᠯᠪᠢᠵᠤ᠂ ᠮᠢᠬᠠᠨ ᠤ ᠲᠥᠷᠥᠯ ᠢ ᠪᠦᠷ ᠪᠤᠭᠤᠳᠠᠯᠯᠠᠨ ᠪᠤᠷᠤᠯᠠᠭᠤᠯᠵᠤ᠂ ᠬᠤᠳᠠᠯᠳᠤᠭᠠᠴᠢᠳ ᠤᠨ ᠬᠠᠯᠠᠭᠤᠮᠰᠤᠭ ᠢᠶᠠᠷ ᠵᠤᠴᠢᠳ ᠢᠶᠠᠨ ᠤᠷᠢᠬᠤ ᠳᠠᠭᠤᠨ ᠳᠠᠰᠤᠷᠠᠯᠳᠠ ᠦᠬᠡᠢ ᠳᠤᠭᠤᠯᠳᠠᠵᠤ᠂ ᠵᠢᠩᠯᠡᠵᠤ ᠳᠠᠩᠰᠠ ᠪᠤᠳᠤᠬᠤ ᠭᠠᠵᠠᠷ ᠲᠤ ᠵᠤᠴᠢᠳ ᠤᠷᠳᠤ ᠮᠦᠷᠦᠯᠡᠨ ᠵᠢᠠᠠᠰᠠᠵᠠᠢ ᠁ ᠡᠵᠡᠩᠨᠡᠯᠳᠡ ᠬᠢᠭᠰᠡᠨ ᠠᠩᠬᠠᠨ ᠤ ᠡᠳᠦᠷ ᠤᠨ ᠦᠳᠡ ᠶᠢᠨ ᠡᠮᠦᠨ᠎ᠡ᠂ ᠬᠤᠳᠠᠯᠳᠤᠭᠠᠨ ᠤ ᠲᠠᠯᠠᠪᠤᠷ ᠤᠨ ᠬᠥᠮᠦᠨ ᠤ ᠲᠤᠭ᠎ᠠ 7000 ᠬᠥᠮᠦᠨ ︵ᠤᠳᠠᠭ᠎ᠠ︶ ᠶᠢ ᠳᠠᠪᠠᠵᠤ᠂ ᠪᠣᠷᠣᠯᠠᠭᠤᠯᠭ᠎ᠠ ᠶᠢᠨ ᠦᠷᠳᠡᠭ ᠨᠢ 10 ᠲᠦᠮᠡᠨ ᠲᠥᠭᠦᠷᠢᠭ ᠲᠤ ᠬᠦᠷᠪᠡ᠃
甄二女.jpg
      ︽ᠦᠨᠦᠳᠤᠷ ᠣᠮᠪᠣᠯᠣ ᠪᠠᠨ ᠳᠠᠭᠠᠭᠤᠯᠤᠨ ᠡᠨᠡ ᠵᠠᠬ᠎ᠠ ᠳᠡᠯᠭᠡᠭᠦᠷ ᠢᠶᠠᠷ ᠲᠣᠭᠤᠷᠢᠵᠤ᠂ ᠳ᠋ᠦᠷᠢᠤ ᠮᠤᠳᠤ ᠦᠨᠡᠬᠡᠷ ᠬᠢᠮᠳᠠ ᠮᠥᠷᠲᠡᠭᠡᠨ ᠰᠠᠶᠢᠨ ᠪᠠᠶᠢᠬᠤ ᠶᠢ ᠦᠵᠡᠭᠡᠳ ᠪᠠᠭ᠎ᠠ ᠰᠠᠭ᠎ᠠ ᠬᠤᠳᠠᠯᠳᠤᠨ ᠠᠪᠤᠯ᠎ᠠ᠂ ᠰᠢᠨ᠎ᠡ ᠪᠠᠷ ᠨᠡᠭᠡᠭᠡᠭᠰᠡᠨ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠢᠳᠡᠬᠡᠨ ᠤᠮᠳᠠᠭᠠᠨ ᠤ ᠬᠢᠨᠢ ᠴᠢᠨᠠᠷ ᠴᠢᠨᠰᠠᠭ᠎ᠠ ᠮᠠᠰᠢ ᠰᠠᠶᠢᠨ ᠪᠠᠶᠢᠨ᠎ᠠ︾                                      — ᠬᠤᠲᠠ ᠶᠢᠨ ᠠᠷᠠᠳ   ᠵᠧᠨ ᠡᠯ ᠨᠢᠦᠢ
赵伟.jpg
     ︽ᠡᠨᠡ ᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠨᠢ ᠮᠠᠨ ᠤ ᠬᠡᠷ ᠠᠴᠠ ᠦᠢᠷᠠᠬᠠᠨ᠂ ᠬᠡᠪᠴᠢᠶ᠎ᠡ ᠪᠠᠷ ᠶᠡᠭᠡ᠂ ᠲᠠᠸᠠᠷ ᠤᠨ ᠲᠥᠷᠥᠯ ᠵᠦᠢᠯ ᠨᠢ ᠪᠠᠰᠠ ᠪᠦᠷᠢᠨ ᠭᠦᠢᠴᠡᠳ᠂ ᠮᠠᠨ ᠤ ᠬᠢᠨ ᠮᠠᠰᠢ ᠣᠯᠠᠨ ᠶᠠᠭᠤᠮ᠎ᠠ ᠬᠤᠳᠠᠯᠳᠤᠨ ᠠᠪᠴᠠᠢ᠂ ᠡᠨᠡ ᠬᠦ ᠵᠠᠬ᠎ᠠ ᠳᠡᠯᠭᠡᠭᠦᠷ ᠤᠨ ᠲᠠᠸᠠᠷ ᠬᠢᠮᠳᠠᠬᠠᠨ ᠰᠠᠨᠠᠭᠳᠠᠵᠤ ᠪᠠᠶᠢᠨ᠎ᠠ︾                                      — ᠬᠤᠲᠠ ᠶᠢᠨ ᠠᠷᠠᠳ   ᠵᠣᠣ ᠸᠧᠶ
王宁.jpg
      ︽ᠥᠨᠥᠳᠦᠷ ᠳ᠋ᠦᠩ ᠯᠢᠶᠠᠩ ᠬᠠᠩᠭᠠᠨ ᠪᠤᠷᠤᠯᠠᠭᠤᠯᠭ᠎ᠠ ᠶᠢᠨ ᠲᠠᠷᠢᠶᠠᠯᠠᠩ ᠤᠨ ᠪᠦᠳᠦᠬᠡᠭᠳᠡᠬᠦᠨ ᠤ ᠤᠶᠤᠨᠴᠢ ᠠᠷᠠᠯᠵᠢᠶᠠᠨ ᠤ ᠵᠠᠬ᠎ᠠ ᠳᠡᠯᠭᠡᠭᠦᠷ ᠡᠬᠦᠳᠡ ᠪᠠᠨ ᠨᠡᠬᠡᠬᠡᠯ᠎ᠡ᠂  ᠠᠳᠡ ᠢᠷᠡᠵᠦ ᠮᠢᠬ᠎ᠠ ᠬᠤᠳᠠᠯᠳᠤᠨ ᠠᠪᠤᠯ᠎ᠠ᠂ ᠠᠳᠡᠬᠢ  ᠶᠢᠨ ᠮᠢᠬᠠᠨ ᠤ ᠴᠢᠨᠠᠷ ᠴᠢᠨᠰᠠᠭ᠎ᠠ ᠨᠢ ᠲᠣᠮᠣ ᠬᠡᠯᠪᠡᠷᠢ ᠶᠢᠨ ᠴᠢᠯᠤᠬᠡᠳᠤ ᠳᠡᠯᠭᠡᠭᠦᠷ ᠲᠠᠢ ᠠᠳᠠᠯᠢᠬᠠᠨ᠂ ᠬᠤᠶᠢᠰᠢᠳᠠ ᠦᠷᠭᠦᠯᠵᠢ ᠢᠷᠡᠵᠦ  ᠪᠠᠷᠠᠭ᠎ᠠ ᠳᠠᠸᠠᠷ ᠬᠤᠳᠠᠯᠳᠤᠨ ᠠᠪᠤᠨ᠎ᠠ᠃                                      — ᠬᠤᠲᠠ ᠶᠢᠨ ᠠᠷᠠᠳ   ᠸᠠᠩ ᠨᠢᠩ      ᠣᠶᠢᠯᠠᠭᠠᠭᠰᠠᠨ ᠢᠶᠠᠷ᠂ ᠳ᠋ᠦᠩ ᠯᠢᠶᠠᠩ ᠬᠠᠩᠭᠠᠨ ᠪᠤᠷᠤᠯᠠᠭᠤᠯᠭ᠎ᠠ ᠶᠢᠨ ᠲᠠᠷᠢᠶᠠᠯᠠᠩ ᠤᠨ ᠪᠦᠳᠦᠬᠡᠭᠳᠡᠬᠦᠨ ᠤ ᠣᠶᠤᠨᠴᠢ ᠠᠷᠠᠯᠵᠢᠶᠠᠨ ᠤ ᠵᠠᠬ᠎ᠠ ᠳᠡᠯᠭᠡᠭᠦᠷ ᠪᠣᠯ ᠥᠪᠥᠷ ᠮᠣᠩᠭᠤᠯ ᠤᠨ ᠳ᠋ᠦᠩ ᠯᠢᠶᠠᠩ ᠬᠠᠩᠭᠠᠨ ᠪᠣᠷᠣᠯᠠᠭᠤᠯᠬᠤ ᠬᠠᠮᠳᠤᠷᠠᠯᠴᠠᠭᠠᠨ ᠤ ᠬᠢᠵᠠᠭᠠᠷᠳᠤ ᠺᠤᠮᠫᠠᠨᠢ ᠠᠴᠠ 1000 ᠭᠠᠷᠤᠶ ᠲᠦᠮᠡᠨ ᠲᠥᠭᠦᠷᠢᠭ ᠤᠨ ᠪᠡᠯᠡ ᠤᠷᠤᠭᠤᠯᠤᠨ ᠪᠦᠳᠦᠬᠡᠨ ᠪᠠᠶᠢᠭᠤᠯᠵᠤ᠂ ᠳᠡᠬᠦᠨ ᠤ ᠡᠵᠡᠩᠨᠡᠨ ᠬᠠᠮᠢᠶᠠᠷᠴᠤ ᠪᠠᠶᠢᠭ᠎ᠠ 8000 ᠲᠡᠭᠰᠢ ᠳᠥᠷᠪᠡᠯᠵᠢᠨ ᠮᠧᠲᠷ ᠤᠨ ᠲᠠᠷᠢᠶᠠᠯᠠᠩ ᠤᠨ ᠪᠦᠳᠦᠬᠡᠭᠳᠡᠬᠦᠨ ᠤ ᠲᠣᠮᠣ ᠬᠡᠯᠪᠡᠷᠢ ᠶᠢᠨ ᠣᠶᠤᠨᠴᠢ ᠠᠷᠠᠯᠵᠢᠶᠠᠨ ᠤ ᠵᠠᠬ᠎ᠠ ᠳᠡᠯᠭᠡᠭᠦᠷ ᠲᠤ ᠪᠠᠷᠤᠭ 50 ᠭᠠᠷᠤᠢ ᠪᠤᠷᠤᠯᠠᠭᠤᠯᠭ᠎ᠠ ᠶᠢᠨ ᠵᠢᠵᠢᠭ ᠳᠡᠯᠬᠡᠬᠦᠷ ᠲᠠᠢ᠂ ᠪᠦᠬᠦᠨ ᠢᠶᠠᠷ ᠢᠶᠠᠨ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠳᠤ ᠬᠠᠨᠳᠤᠭᠤᠯᠤᠨ ᠨᠡᠭᠡᠭᠡᠨ ᠡᠵᠡᠩᠨᠡᠵᠦ᠂ ᠪᠠᠰᠠ ᠲᠤᠰᠠᠭᠠᠷ ᠬᠦᠢᠲᠡᠨ ᠬᠥᠮᠥᠷᠭᠡ᠂ ᠬᠥᠮᠥᠷᠭᠡᠯᠡᠨ ᠬᠠᠳᠠᠭᠠᠯᠠᠬᠤ ᠴᠢᠳᠠᠮᠵᠢ ᠶᠢ ᠲᠣᠬᠢᠷᠠᠭᠤᠯᠵᠤ᠂ ᠲᠠᠸᠠᠷ ᠤᠨ ᠪᠣᠷᠣᠯᠠᠭᠤᠯᠭ᠎ᠠ ᠵᠢᠴᠢ ᠲᠡᠭᠡᠭᠡᠪᠦᠷᠢ ᠶᠢᠨ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠᠷ ᠳᠠᠮᠵᠢᠭᠤᠯᠤᠨ᠂ ᠲᠠᠸᠠᠷ ᠤᠨ ᠦᠨ᠎ᠡ ᠬᠠᠩᠰᠢ ᠶᠢ ᠬᠠᠷᠢᠴᠠᠩᠭᠤᠢ ᠬᠢᠮᠳᠠᠬᠠᠨ ᠪᠤᠯᠭᠠᠪᠠ᠃
微信图片_20240521090002.jpg
      ᠵᠠᠬ᠎ᠠ ᠳᠡᠯᠭᠡᠭᠦᠷ ᠤᠨ ᠤᠷᠴᠢᠨ ᠲᠣᠭᠤᠷᠢᠨ ᠨᠢ ᠴᠡᠪᠡᠷ ᠳᠡᠭᠰᠢᠬᠡᠨ᠂ ᠲᠠᠸᠠᠷ ᠨᠢ ᠴᠢᠨᠠᠷᠯᠢᠭ ᠮᠦᠷᠳᠡᠬᠡᠨ ᠬᠢᠮᠳᠠᠬᠠᠨ᠂ ᠪᠠᠰᠠ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠬᠡᠮᠵᠢᠬᠦ᠂ ᠬᠥᠮᠦᠨ ᠤ ᠤᠷᠤᠰᠬᠠᠯ ᠢ ᠬᠡᠮᠵᠢᠬᠦ ᠪᠠᠭᠠᠵᠢ ᠵᠡᠷᠭᠡ ᠶᠢ ᠳᠤᠬᠢᠷᠠᠭᠤᠯᠵᠤ᠂ ᠪᠠᠶᠢᠴᠠᠭᠠᠨ ᠬᠡᠮᠵᠢᠯᠲᠡ ᠪᠠᠷ ᠳᠠᠮᠵᠢᠨ ᠬᠢᠷᠢ ᠳᠡᠩᠴᠡᠭᠰᠡᠨ ᠲᠠᠸᠠᠷ ᠢ ᠰᠠᠶ᠋ᠢ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠲᠣᠮᠣ ᠳᠡᠯᠭᠡᠴᠡ ᠳᠡᠭᠡᠷ᠎ᠡ ᠴᠠᠭ ᠲᠤᠬᠠᠶ ᠳᠤᠨᠢ ᠳᠡᠯᠭᠡᠨ ᠦᠵᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠪᠣᠬᠢᠷᠲᠤᠯ ᠥᠬᠡᠶ ᠰᠢᠨ᠎ᠡ ᠰᠣᠷᠭᠤᠭ ᠠᠮᠤᠷ ᠲᠦᠪᠰᠢᠨ ᠢᠳᠡᠭᠡᠨ ᠢ ᠬᠠᠩᠭᠠᠵᠤ ᠪᠤᠢ᠃ ᠡᠭᠦᠨ ᠤ ᠬᠠᠮᠲᠤ᠂  ᠪᠠᠰᠠ ︽ᠲᠦᠷᠬᠡᠨ ᠬᠦᠷᠬᠡᠯᠳᠡ︾ ᠶᠢᠨ ᠦᠢᠯᠡᠴᠢᠯᠡᠭᠡ ᠭᠠᠷᠭᠠᠵᠤ᠂ ᠰᠦᠯᠵᠢᠶᠡᠨ ᠳᠡᠭᠡᠷᠡᠬᠢ APP ᠪᠠᠷ ᠳᠠᠮᠵᠢᠭᠤᠯᠤᠨ ᠵᠠᠬᠢᠶᠠᠯᠠᠵᠤ᠂ ᠳᠠᠷᠠᠭ᠎ᠠ ᠨᠢ ᠨᠢᠭᠡᠳᠦᠯᠲᠡᠶ ᠳᠣᠭᠢᠷᠠᠭᠤᠯᠤᠨ ᠬᠦᠷᠭᠡᠵᠦ᠂ ᠨᠣᠭᠤᠭ᠎ᠠ ᠬᠤᠳᠠᠯᠳᠤᠨ ᠠᠪᠬᠤ ᠳᠤ ᠨᠠᠩ ᠲᠥᠬᠦᠮ ᠪᠣᠯᠭᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ