ᠳᠡᠮᠡᠬᠡᠨ ᠤ ᠤᠭᠠᠯᠵᠠᠨ ᠪᠠᠷᠢᠭᠤᠯᠲᠤ ᠵᠡᠰ ᠲᠣᠯᠢ
ᠨᠡᠶᠢᠲᠡᠯᠡᠭᠰᠡᠨ ᠴᠠᠭ᠄
2024/5/21
骆驼纹柄青铜镜.jpg
      ᠵᠡᠰ ᠳᠤᠯᠢ ᠪᠤᠯ ᠵᠦᠩᠶᠤᠸᠠᠨ ᠣᠷᠣᠨ ᠤ ᠳᠠᠷᠢᠶᠠᠯᠠᠬᠤ ᠦᠨᠳᠦᠰᠦᠲᠡᠨ ᠤ ᠡᠳᠦᠷ ᠲᠤᠳᠤᠮ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠣᠨ᠎ᠠ᠂ ᠡᠶᠢᠮᠦ ᠠᠴᠠ ᠵᠦᠩᠶᠤᠸᠠᠨ ᠣᠷᠣᠨ ᠤ ᠬᠦᠷᠡᠯ ᠪᠠᠭᠠᠵᠢ ᠶᠢᠨ ᠪᠣᠯᠪᠠᠰᠤᠨ ᠳᠠᠬᠢ ᠵᠡᠰ ᠲᠣᠯᠢ ᠨᠢ ᠲᠤᠭ᠎ᠠ ᠬᠡᠮᠵᠢᠶ᠎ᠡ ᠪᠠᠷ ᠤᠯᠠᠨ  ᠪᠠᠶᠢᠳᠠᠭ ᠢᠶᠠᠷ ᠪᠠᠷᠠᠬᠤ ᠦᠭᠡᠢ ᠦᠢᠯᠡᠳᠴᠤ ᠬᠢᠭᠰᠡᠨ ᠨᠢ ᠮᠠᠰᠢ ᠨᠠᠷᠢᠯᠢᠭ ᠰᠠᠶᠢᠬᠠᠨ ᠪᠠᠶᠢᠳᠠᠭ᠃ ᠮᠥᠨ ᠴᠦ ᠵᠦᠩᠶᠤᠸᠠᠨ ᠣᠷᠣᠨ ᠤ ᠬᠦᠷᠡᠯ ᠪᠠᠭᠠᠵᠢ ᠶᠢᠨ ᠰᠣᠶᠣᠯ ᠤᠨ ᠭᠠᠳᠠᠭᠰᠢ ᠤᠯᠠᠮᠵᠢᠯᠠᠭᠳᠠᠬᠤ ᠴᠢᠬᠤᠯᠠ ᠵᠠᠭᠤᠴᠢ ᠪᠣᠯᠵᠤ᠂ ᠳᠤᠮᠳᠠᠳᠤ ᠤᠯᠤᠰ ᠤᠨ ᠬᠦᠷᠡᠯ ᠪᠠᠭᠠᠵᠢ ᠶᠢᠨ ᠭᠠᠳᠠᠭᠰᠢ ᠤᠯᠠᠮᠵᠢᠯᠠᠭᠳᠠᠬᠤ ᠶᠢᠨ ᠴᠢᠬᠤᠯᠠ ᠪᠡᠯᠭᠡ ᠲᠡᠮᠳᠡᠭ ᠪᠣᠯᠤᠭᠰᠠᠨ ᠪᠠᠶᠢᠨ᠎ᠠ᠃ ᠵᠦᠩᠶᠤᠸᠠᠨ ᠣᠷᠣᠨ ᠤ ᠰᠣᠶᠣᠯ ᠤᠨ ᠣᠨᠴᠠᠯᠢᠭ ᠪᠦᠬᠦᠢ ᠵᠡᠰ ᠲᠣᠯᠢ ᠶᠢ ᠵᠦᠩᠶᠤᠸᠠᠨ ᠣᠷᠣᠨ ᠤ ᠡᠷᠬᠢᠨ ᠲᠣᠭᠤᠷᠢᠨ ᠤ ᠭᠠᠵᠠᠷ ᠣᠷᠣᠨ  ᠠᠴᠠ ᠶᠡᠭᠡ ᠬᠡᠮᠵᠢᠶ᠎ᠡ ᠪᠠᠷ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠲᠡᠭᠦᠨ ᠤ ᠳᠠᠷᠬᠠᠯᠳᠠ ᠶᠢᠨ ᠬᠡᠪᠴᠢᠶ᠎ᠡ ᠨᠢ ᠴᠦ ᠮᠠᠰᠢ ᠥᠷᠭᠡᠨ ᠪᠠᠶᠢᠳᠠᠭ᠂ ᠡᠶᠢᠮᠦ ᠠᠴᠠ ᠵᠠᠷᠢᠮ ᠡᠷᠳᠡᠮᠲᠡᠨ ᠠᠴᠠ ︽ᠵᠡᠰ ᠲᠣᠯᠢ ᠶᠢᠨ ᠵᠠᠮ︾ ᠭᠡᠬᠦ ᠬᠡᠯᠡᠯᠭᠡ ᠶᠢ ᠳᠤᠷᠠᠳᠴᠤ᠂ ᠳᠤᠮᠳᠠᠳᠤ ᠶᠢᠨ ᠪᠣᠯᠪᠠᠰᠤᠨ ᠤ ᠲᠦᠷᠪᠡᠨ ᠵᠦᠭ ᠲᠤ ᠪᠠᠳᠠᠷᠠᠨ ᠳᠡᠯᠬᠡᠷᠡᠬᠦ ᠶᠠᠪᠤᠴᠠ ᠳᠤ ︽ᠵᠡᠰ ᠲᠣᠯᠢ ᠶᠢᠨ ᠵᠠᠮ︾ ᠪᠠ ︽ᠲᠣᠷᠭᠠᠨ ᠵᠠᠮ︾ ᠨᠢ ᠪᠠᠷᠤᠭ ᠠᠳᠠᠯᠢᠬᠠᠨ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠦ ᠦᠵᠡᠳᠡᠭ᠃      ︽ᠣᠷᠳᠣᠰ ᠤᠨ ᠬᠦᠷᠡᠯ ᠪᠠᠭᠠᠵᠢ︾ ᠳᠤ ᠪᠠᠰᠠ ᠵᠣᠬᠢᠬᠤ ᠲᠣᠭᠠᠨ ᠤ ᠵᠡᠰ ᠲᠣᠯᠢ ᠪᠠᠶᠢᠳᠠᠭ᠃ ᠵᠠᠷᠢᠮ ᠬᠡᠯᠪᠡᠷᠢ ᠳᠦᠷᠰᠦ ᠨᠢ ᠵᠦᠩᠶᠤᠸᠠᠨ ᠣᠷᠣᠨ ᠤ ᠢᠯᠡᠷᠡᠭᠦᠯᠦᠭᠰᠡᠨ ᠠᠳᠠᠯᠢ ᠴᠠᠭ ᠦᠶ᠎ᠡ ᠶᠢᠨ ᠵᠡᠰ ᠲᠣᠯᠢ ᠲᠠᠢ ᠳᠡᠮᠡᠢ ᠵᠥᠷᠢᠶ᠎ᠡ ᠦᠬᠡᠢ᠂ ᠵᠥᠪᠬᠡᠨ  ᠲᠤᠯᠢᠨ ᠤ ᠠᠷᠤ ᠲᠠᠯ᠎ᠠ ᠨᠢ ᠵᠢᠷᠤᠭ ᠦᠬᠡᠢ ᠪᠤᠶᠤ ᠳᠦᠬᠦᠮᠬᠡᠨ ᠡᠷᠬᠢᠬᠦᠯᠬᠡᠨ ᠤᠭᠠᠯᠵᠠ᠂ ᠲᠣᠣᠷᠯᠢᠭ ᠪᠦᠰᠡ ᠶᠢᠨ ᠤᠭᠠᠯᠵᠠ ᠲᠠᠢ ᠪᠠᠶᠢᠳᠠᠭ᠃ ᠵᠠᠷᠢᠮ ᠬᠡᠯᠪᠡᠷᠢ ᠳᠦᠷᠰᠦ ᠪᠠ ᠤᠷᠠᠯᠠᠯ ᠵᠡᠷᠭᠡ ᠨᠢ ᠵᠦᠩᠶᠤᠸᠠᠨ ᠣᠷᠣᠨ ᠤ ᠲᠠᠷᠢᠶᠠᠯᠠᠬᠤ ᠦᠨᠳᠦᠰᠦᠲᠡᠨ ᠤ ᠬᠡᠷᠡᠭᠯᠡᠵᠦ ᠪᠠᠶᠢᠭ᠎ᠠ ᠵᠡᠰ ᠲᠣᠯᠢ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠲᠣᠯᠢᠨ ᠤ ᠪᠡᠶ᠎ᠡ ᠨᠢ ᠨᠡᠯᠢᠶᠡᠳ ᠪᠠᠭ᠎ᠠ᠂ ᠬᠥᠩᠭᠡᠨ ᠨᠢᠮᠭᠡᠨ᠂ ᠬᠦᠪᠡᠭᠡ ᠨᠢ ᠢᠷᠮᠡᠭ ᠦᠬᠡᠢ᠂ ᠬᠡᠯᠪᠡᠷᠢ ᠳᠦᠷᠰᠦ ᠨᠢ ᠵᠢᠭᠳᠡ ᠪᠢᠰᠢ᠂ ᠠᠷᠤ ᠲᠠᠯ᠎ᠠ ᠶᠢᠨ ᠵᠢᠷᠤᠭ ᠳᠦᠷᠰᠦ ᠨᠢ ᠴᠦ ᠨᠡᠯᠢᠶᠡᠳ ᠲᠦᠬᠦᠮ᠂ ᠴᠢᠨᠠᠭᠰᠢᠯᠠᠪᠠᠯ ᠣᠯᠠᠩᠬᠢ ᠨᠢ ᠵᠢᠷᠤᠭ ᠤᠭᠠᠯᠵᠠ ᠦᠬᠡᠢ ᠪᠠᠶᠢᠳᠠᠭ᠃ ᠠᠪᠴᠤ ᠶᠠᠪᠤᠬᠤ᠂ ᠠᠳᠬᠤᠬᠤ ᠳᠤ ᠳᠦᠬᠦᠮ ᠢ ᠪᠤᠳᠤᠵᠤ ᠵᠣᠬᠢᠶᠠᠭᠰᠠᠨ ᠠᠮᠢᠳᠡᠠ ᠤ ᠳᠦᠷᠰᠦ ᠲᠠᠢ ᠲᠣᠪᠴᠢ ᠪᠤᠶᠤ ᠪᠠᠷᠢᠭᠤᠯ ᠨᠢ ᠣᠷᠳᠣᠰ ᠤᠨ ᠬᠦᠷᠡᠯ ᠪᠠᠭᠠᠵᠢ ᠶᠢᠨ ᠳᠣᠲᠣᠷᠠᠬᠢ ᠵᠡᠰ ᠲᠣᠯᠢᠨ ᠤ ᠬᠠᠮᠤᠭ ᠤᠨ ᠶᠡᠭᠡ ᠣᠨᠴᠠᠯᠢᠭ ᠪᠣᠯᠣᠨ᠎ᠠ᠃ ᠲᠡᠭᠦᠨ ᠤ ᠪᠠᠷᠢᠭᠤᠯ ᠤᠨ ᠬᠡᠰᠡᠭ ᠤᠨ ᠠᠮᠢᠳᠡᠠ ᠤ ᠤᠭᠠᠯᠵᠠ ᠶᠢᠨ ᠳᠦᠷᠰᠦ ᠪᠦᠲᠦᠭᠡᠯᠲᠡ ᠨᠢ ᠲᠤᠶᠢᠯ ᠤᠨ ᠨᠠᠷᠢᠯᠢᠭ ᠰᠠᠶᠢᠬᠠᠨ ᠪᠠᠶᠢᠳᠠᠭ᠃       ᠤᠮᠠᠷᠠᠲᠤ ᠶᠢᠨ ᠨᠡᠭᠦᠳᠡᠯᠯᠡᠨ ᠮᠠᠯᠵᠢᠬᠤ ᠦᠨᠳᠦᠰᠦᠲᠡᠨ ᠳᠤ ᠠᠪᠴᠤ ᠬᠡᠯᠡᠪᠡᠯ᠂ ᠨᠠᠮ ᠳᠥᠯᠭᠡᠨ ᠤᠰᠤᠨ ᠤ ᠭᠠᠳᠠᠷᠭᠤ ᠪᠣᠯ ᠳᠠᠷᠤᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠠᠮᠤᠭ ᠤᠨ ᠰᠠᠶᠢᠨ ᠲᠣᠯᠢ ᠮᠥᠨ᠂ ᠡᠶᠢᠮᠦ ᠠᠴᠠ ᠲᠠᠳᠠ ᠡᠨᠡ ᠵᠦᠢᠯ ᠢ ᠵᠣᠷᠢᠭᠤᠳᠠ ᠪᠠᠷ ᠬᠥᠭᠡᠭᠡᠴᠡᠯᠳᠦᠬᠦ ᠴᠢᠬᠤᠯᠠ ᠦᠭᠡᠢ ᠨᠢ ᠶᠠᠷᠢᠶᠠᠨ ᠦᠭᠡᠢ᠂ ᠵᠦᠩᠶᠦᠸᠠᠨ ᠤᠷᠤᠨ ᠤ ᠲᠠᠷᠢᠶᠠᠯᠠᠬᠤ ᠦᠨᠳᠦᠰᠦᠲᠡᠨ ᠤ ᠬᠡᠷᠡᠭᠯᠡᠳᠡᠭ  ᠵᠡᠰ ᠲᠣᠯᠢ ᠲᠠᠢ ᠠᠳᠠᠯᠢᠳᠬᠠᠪᠠᠯ᠂ ᠤᠮᠠᠷᠠᠲᠤ ᠶᠢᠨ ᠨᠡᠭᠦᠳᠡᠯᠯᠡᠨ ᠮᠠᠯᠵᠢᠬᠤ ᠦᠨᠳᠦᠰᠦᠲᠡᠨ ᠤ ᠬᠡᠷᠡᠭᠯᠡᠳᠡᠭ ᠵᠡᠰ ᠲᠣᠯᠢ ᠶᠢᠨ ᠴᠢᠮᠡᠭᠯᠡᠯ ᠤᠨ ᠴᠢᠨᠠᠷ ᠨᠢ ᠬᠡᠷᠡᠭᠯᠡᠭᠡᠨ ᠤ ᠴᠢᠨᠠᠷ ᠠᠴᠠ ᠨᠠᠩ ᠶᠡᠭᠡ ᠪᠠᠶᠢᠳᠠᠭ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ