ᠮᠠᠷᠢᠶ᠎ᠠ ᠰᠢᠭᠤᠷᠠᠭᠤᠯᠬᠤ ᠳᠤ ᠬᠡᠷᠬᠢᠨ ᠰᠢᠨᠵᠢᠯᠡᠬᠦ ᠤᠬᠠᠭᠠᠨᠴᠢ ᠪᠠᠷ ᠬᠦᠳᠡᠯᠬᠡᠬᠡᠨ ᠬᠢᠪᠡᠯ ᠵᠤᠬᠢᠬᠤ ᠪᠤᠢ
ᠨᠡᠶᠢᠲᠡᠯᠡᠭᠰᠡᠨ ᠴᠠᠭ᠄
2024/5/22
    ᠳᠤᠬᠢᠷᠠᠮᠵᠢᠳᠡᠢ ᠬᠦᠳᠡᠯᠬᠡᠬᠡᠨ ᠤ ᠬᠡᠯᠪᠡᠷᠢ ᠶᠢ ᠰᠤᠩᠭᠤᠨ᠎ᠠ       ᠮᠠᠷᠢᠶ᠎ᠠ ᠲᠠᠢ ᠬᠦᠮᠦᠰ ᠳᠤᠬᠢᠷᠠᠮᠵᠢᠳᠡᠢ ᠳᠠᠮᠢᠷ ᠤᠨ ᠬᠦᠳᠡᠯᠬᠡᠬᠡᠨ ᠤ ᠬᠡᠯᠪᠡᠷᠢ ᠶᠢ ᠰᠤᠩᠭᠤᠵᠤ᠂ ᠪᠡᠶ᠎ᠡ ᠶᠢᠨ ᠦᠬᠡᠬᠦᠨ ᠤ ᠬᠡᠮᠵᠢᠶ᠎ᠡ ᠪᠠᠨ ᠵᠤᠬᠢᠰᠳᠠᠢ ᠪᠠᠭᠤᠷᠠᠭᠤᠯᠬᠤ ᠶᠢᠨ ᠬᠠᠮᠳᠤ ᠬᠦᠳᠡᠯᠬᠡᠬᠡᠨ ᠤ ᠶᠠᠪᠤᠴᠠ ᠳᠤ ᠰᠢᠷᠬᠠᠳᠤᠯ ᠡᠬᠦᠰᠬᠦ ᠠᠴᠠ ᠵᠠᠶᠢᠯᠠᠰᠬᠢᠬᠤ ᠬᠡᠷᠡᠭᠳᠡᠢ᠃ ᠵᠢᠱᠢᠶᠡᠯᠡᠪᠡᠯ ᠤᠳᠠᠭᠠᠨ ᠬᠦᠶᠦᠬᠦ᠂ ᠤᠮᠪᠠᠭ᠋ᠤ ᠵᠡᠷᠬᠡ ᠪᠤᠯ ᠪᠦᠷ ᠵᠦᠪ ᠰᠤᠩᠭᠤᠯᠳᠠ ᠪᠤᠯᠤᠨ᠎ᠠ᠃ ᠬᠦᠮᠦᠰ ᠠᠩᠬ᠎ᠠ ᠡᠬᠢᠯᠡᠵᠤ ᠬᠦᠳᠡᠯᠬᠡᠬᠡᠨ ᠬᠢᠬᠦ ᠦᠶᠡᠰ᠂ ᠳᠤᠮᠳᠠ ᠵᠡᠷᠬᠡ ᠶᠢᠨ ᠬᠦᠴᠦᠯᠡᠴᠡ ᠪᠠᠷ ᠭᠤᠤᠯ ᠪᠤᠯᠭᠠᠵᠤ᠂ ᠬᠦᠳᠡᠯᠬᠡᠬᠡᠨ ᠤ ᠬᠡᠮᠳᠤᠯ ᠤᠨ ᠲᠦᠭᠰᠢᠬᠦᠷᠢ ᠶᠢ ᠨᠡᠮᠡᠭᠳᠡᠬᠦᠯᠬᠦ ᠠᠴᠠ ᠰᠡᠷᠬᠡᠶᠢᠯᠡᠨ᠎ᠡ᠃       ᠬᠦᠳᠡᠯᠬᠡᠬᠡᠨ ᠤ ᠬᠦᠴᠦᠯᠡᠴᠡ ᠪᠠᠨ ᠠᠭᠠᠵᠢᠮ ᠢᠶᠠᠷ ᠨᠡᠮᠡᠭᠳᠡᠬᠦᠯᠦᠨ᠎ᠡ       ᠶᠡᠷᠦ ᠳᠤ ᠪᠠᠨ ᠠᠩᠬ᠎ᠠ ᠡᠬᠢᠯᠡᠵᠤ ᠬᠦᠳᠡᠯᠬᠡᠬᠡᠨ ᠬᠢᠬᠦ ᠳᠤ ᠭᠠᠷᠠᠭ ᠪᠦᠷᠢ 3 ᠤᠳᠠᠭ᠎ᠠ᠂ ᠤᠳᠠᠭ᠎ᠠ ᠪᠦᠷᠢ 30 ᠮᠢᠨᠦ᠋ᠲ ᠪᠤᠯᠪᠠᠰᠤᠷᠠᠨ᠎ᠠ᠃ ᠡᠬᠦᠨ ᠠᠴᠠ ᠳᠠᠷᠠᠭ᠎ᠠ ᠪᠠᠷ ᠦᠪᠡᠷ ᠤᠨ ᠪᠡᠶ᠎ᠡ ᠶᠢᠨ ᠪᠠᠶᠢᠳᠠᠯ᠂ ᠬᠦᠳᠡᠯᠬᠡᠬᠡᠨ ᠤ ᠴᠢᠳᠠᠪᠤᠷᠢ ᠵᠡᠷᠬᠡ ᠪᠠᠨ ᠦᠨᠳᠤᠰᠤᠯᠡᠵᠤ᠂ ᠭᠠᠷᠠᠭ ᠪᠦᠷᠢ 5 ᠤᠳᠠᠭ᠎ᠠ ᠬᠦᠳᠡᠯᠬᠡᠬᠡᠨ ᠬᠢᠨ᠎ᠡ᠃ ᠡᠬᠦᠨ ᠳᠤ ᠤᠳᠠᠭ᠎ᠠ ᠪᠦᠷᠢ 30   ᠠᠴᠠ 60 ᠮᠢᠨᠦ᠋ᠲ ᠪᠤᠯᠪᠠᠰᠤᠷᠠᠬᠤ ᠶᠢ ᠪᠠᠷᠢᠮᠳᠠᠯᠠᠵᠤ᠂ ᠭᠠᠷᠠᠭ ᠪᠦᠷᠢ 150  ᠮᠢᠨᠦ᠋ᠲ ᠤᠨ ᠳᠤᠮᠳᠠ ᠵᠡᠷᠬᠡ ᠶᠢᠨ ᠬᠦᠴᠦᠯᠡᠴᠡ ᠲᠠᠢ ᠬᠦᠴᠢᠯᠳᠦ᠋ᠷᠦᠭᠴᠢᠳᠤ ᠬᠦᠳᠡᠯᠬᠡᠬᠡᠨ ᠤ ᠬᠡᠮᠵᠢᠶ᠎ᠡ ᠳᠤ ᠬᠦᠷᠬᠡᠬᠦ ᠪᠠᠷ ᠴᠢᠷᠮᠠᠶᠢᠨ᠎ᠠ᠃       ᠪᠤᠯᠴᠢᠩ ᠴᠢᠩᠭᠠᠷᠠᠭᠤᠯᠬᠤ ᠬᠦᠳᠡᠯᠬᠡᠬᠡᠨ ᠢ ᠤᠮᠳᠤᠭᠠᠶᠢᠯᠠᠵᠤ ᠪᠤᠯᠬᠤ ᠦᠬᠡᠢ       ᠶᠠᠯᠢᠩ ᠡᠷᠬᠦᠬᠦ᠂ ᠳᠡᠬᠡᠰᠤ ᠦᠰᠦᠷᠬᠦ ᠵᠡᠷᠬᠡ ᠪᠤᠯᠴᠢᠩ ᠴᠢᠩᠭᠠᠷᠠᠭᠤᠯᠬᠤ ᠬᠦᠳᠡᠯᠬᠡᠬᠡᠨ ᠢ ᠢᠯᠡᠬᠦᠬᠡᠨ ᠬᠢᠬᠦ  ᠪᠠᠷ ᠳᠠᠮᠵᠢᠨ ᠪᠤᠯᠴᠢᠩ ᠤᠨ ᠬᠦᠴᠦᠨ ᠢ ᠨᠡᠮᠡᠭᠳᠡᠬᠦᠯᠵᠤ᠂ ᠰᠢᠨ᠎ᠡ ᠬᠠᠭᠤᠴᠢᠨ ᠤ ᠰᠤᠯᠢᠯᠴᠠᠭ᠎ᠠ ᠶᠢ ᠳᠡᠬᠡᠭᠰᠢᠯᠡᠬᠦᠯᠵᠤ ᠪᠤᠯᠤᠨ᠎ᠠ᠃ ᠭᠠᠷᠠᠭ ᠪᠦᠷᠢ 2 — 3 ᠤᠳᠠᠭᠠᠨ ᠤ ᠪᠤᠯᠴᠢᠩ ᠴᠢᠩᠭᠠᠷᠠᠭᠤᠯᠬᠤ ᠬᠦᠳᠡᠯᠬᠡᠬᠡᠨ ᠬᠢᠵᠤ᠂ ᠤᠳᠠᠭ᠎ᠠ ᠪᠦᠷᠢ 2 — 4 ᠡᠬᠡᠯᠵᠢ ᠬᠢᠬᠦ ᠶᠢ ᠪᠠᠷᠢᠮᠳᠠᠯᠠᠪᠠᠯ ᠵᠤᠬᠢᠨ᠎ᠠ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ