ᠳ᠋ᠦᠩᠱᠧᠩ ᠵᠠᠰᠠᠭ ᠠᠯᠪᠠᠨ ᠭᠡᠷ ᠳᠠᠷᠬᠠᠭᠠᠭᠰᠠᠨ ﹇2024﹈ 14 ᠳ᠋ᠤᠭᠡᠷ ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ ᠬᠠᠷᠢᠶ᠎ᠠ ᠵᠣᠬᠢᠴᠠᠭᠤᠯᠤᠨ ᠬᠠᠮᠢᠶᠠᠷᠬᠤ ᠰᠠᠯᠠᠭ᠎ᠠ | ᠮᠥᠴᠢᠷ ᠲᠤ᠄ | ︽ᠳ᠋ᠦᠩᠱᠧᠩ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ | ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠯᠥᠪᠯᠡᠭᠡ︾ ᠶᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 4 ᠰᠠᠷ᠎ᠠ ᠶᠢᠨ 22 ᠤᠨ ᠡᠳᠦᠷ | | ᠳ᠋ᠦᠩᠱᠧᠩ ᠲᠣᠭᠤᠷᠢᠭ ᠤᠨ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠯᠥᠪᠯᠡᠭᠡ | ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠡᠯ᠎ᠡ | ᠵᠦᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠤ᠂ ᠳ᠋ᠦᠩᠱᠧᠩ ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠠᠵᠢᠯ ᠢ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠬᠥᠲᠥᠯᠥᠨ ᠳᠠᠭᠠᠭᠤᠯᠵᠤ ᠪᠦᠬᠦ ᠲᠠᠯ᠎ᠠ ᠪᠠᠷ ᠥᠷᠨᠢᠭᠦᠯᠬᠦ ᠶᠢ ᠠᠬᠢᠭᠤᠯᠬᠤ ᠶᠢᠨ | ᠳᠤᠰᠠᠳᠠ᠂ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠯᠥᠪᠯᠡᠭᠡ ᠶᠢ ᠣᠨᠴᠣᠭᠤᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︽ᠬᠢᠲᠠᠳ ᠡᠮ | ᠡᠮᠨᠡᠯᠭᠡ ᠶᠢᠨ ᠣᠨᠴᠠᠯᠢᠭᠲᠤ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠬᠦᠯᠬᠦ ᠰᠠᠨᠠᠯ︾ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢᠶᠠᠷ ᠵᠢᠯᠣᠭᠤᠳᠤᠮᠵᠢ ᠪᠣᠯᠭᠠᠵᠤ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠵᠤ᠂ ᠳ᠋ᠦᠩᠱᠧᠩ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠂ ᠠᠷᠠᠳ ᠣᠯᠠᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ︽2022 — 2024 ᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ | ᠰᠢᠶᠠᠨ︶ ᠶᠢ ᠡᠭᠦᠳᠦᠨ ᠪᠠᠶᠢᠭᠤᠯᠵᠤ ᠬᠢᠨᠠᠨ ᠲᠣᠭᠲᠠᠭᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠤᠯᠤᠰ ᠬᠢᠲᠠᠳ ᠡᠮ ᠡᠮᠨᠡᠯᠭᠡ ᠶᠢᠨ ᠠᠯᠪᠠᠨ ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤ︶᠂ ︽ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠬᠠᠮᠢᠶᠠᠷᠤᠯᠲᠠ ᠶᠢᠨ ᠠᠷᠭ᠎ᠠ︾᠂ | ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠪᠠᠷᠢᠮᠵᠢᠶ᠎ᠠ︾᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2024 ᠤᠨ ᠳᠤ ᠮᠠᠨ ᠤ ᠲᠤᠭᠤᠷᠢᠭ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ | ᠡᠯ᠎ᠡ ᠵᠦᠢᠯ ᠤᠨ ᠠᠵᠢᠯ ᠢ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠤᠷᠤᠨ ᠤ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ | ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠦᠢᠴᠡᠳᠬᠡᠯ | ᠲᠤᠭ᠎ᠠ ᠲᠠᠢ ᠬᠠᠷᠭᠤᠭᠤᠯᠵᠤ᠂ ᠮᠠᠨ ᠤ ᠲᠤᠭᠤᠷᠢᠭ ᠤᠨ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠯᠥᠪᠯᠡᠭᠡ ᠪᠣᠯᠤᠨ ᠬᠡᠷᠡᠭᠵᠢᠭᠦᠯᠬᠦ ᠲᠥᠰᠦᠯ ᠢ | ᠲᠣᠭᠲᠠᠭᠠᠨ᠂ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠳᠦᠨ ᠪᠠᠶᠢᠭᠤᠯᠬᠤ ᠬᠠᠷᠠᠯᠲᠠ ᠪᠣᠯᠤᠨ ᠡᠭᠦᠷᠭᠡ ᠪᠠᠨ | ᠲᠣᠳᠣᠷᠬᠠᠶᠢᠯᠠᠨ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠵᠠᠳᠠᠯᠤᠨ | ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠨ ᠮᠡᠳᠡᠬᠦᠯᠵᠤ ᠬᠢᠨᠠᠨ ᠲᠤᠭᠳᠠᠭᠠᠬᠤ ᠱᠠᠲᠤ | ᠡᠭᠦᠳᠦᠨ ᠪᠠᠶᠢᠭᠤᠯᠬᠤ ᠬᠦᠢᠴᠡᠳᠭᠡᠯ ᠲᠤᠭ᠎ᠠ ᠶᠢ ᠦᠨᠳᠦᠰᠦᠯᠡᠨ ᠮᠠᠨ ᠤ ᠲᠤᠭᠤᠷᠢᠭ ᠤᠨ ᠡᠭᠦᠳᠦᠨ ᠪᠠᠶᠢᠭᠤᠯᠬᠤ ᠠᠵᠢᠯ ᠳᠤ ᠥᠪᠡᠷ ᠢ ᠪᠠᠨ ᠪᠠᠶᠢᠴᠠᠭᠠᠵᠤ | ᠦᠨᠡᠯᠡᠨ ᠵᠢᠱᠢᠯᠲᠡ ᠬᠢᠬᠦ ᠶᠢᠨ ᠬᠠᠮᠲᠤ ᠲᠣᠭᠲᠠᠭᠠᠭᠰᠠᠨ ᠮᠡᠳᠡᠭᠦᠯᠬᠦ ᠨᠥᠬᠦᠴᠡᠯ ᠪᠠ ᠮᠡᠳᠡᠭᠦᠯᠬᠦ ᠳᠡᠰ ᠳᠠᠷᠠᠭᠠᠯᠠᠯ ᠶᠣᠰᠣᠭᠠᠷ ᠬᠤᠲᠠ ᠶᠢᠨ ᠬᠢᠲᠠᠳ ᠡᠮ ᠡᠮᠨᠡᠯᠭᠡ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠮᠡᠳᠡᠭᠦᠯᠬᠦ ᠮᠠᠲ᠋ᠧᠷᠢᠶᠠᠯ ᠢᠶᠠᠨ ᠮᠡᠳᠡᠭᠦᠯᠦᠨ ᠬᠦᠷᠬᠡᠨ᠎ᠡ᠃ | ︵ᠭᠤᠷᠪᠠ︶ ᠪᠦᠬᠦ ᠲᠠᠯ᠎ᠠ ᠪᠠᠷ ᠠᠬᠢᠭᠤᠯᠬᠤ ᠱᠠᠲᠦ | ᠳ᠋ᠦᠩᠱᠧᠩ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠡᠭᠦᠳᠦᠨ ᠪᠠᠶᠢᠭᠤᠯᠬᠤ ᠠᠵᠢᠯ ᠤᠨ ᠥᠪᠡᠰᠦᠪᠡᠨ ᠪᠠᠶᠢᠴᠠᠭᠠᠵᠤ ᠦᠨᠡᠯᠡᠨ ᠵᠢᠱᠢᠭᠰᠡᠨ ᠪᠠᠶᠢᠳᠠᠯ ᠢ | ᠦᠨᠳᠦᠰᠦᠯᠡᠨ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ | ᠨᠦᠬᠦᠪᠤᠷᠢᠯᠡᠨ᠎ᠡ᠃ ᠲᠣᠭᠤᠷᠢᠭ ᠤᠨ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ | ᠰᠢᠢᠳᠪᠤᠷᠢᠯᠡᠨ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ | ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠳᠤᠯᠠᠨ᠎ᠠ᠃ | ︵ᠲᠦᠷᠪᠡ︶ ᠬᠢᠨᠠᠨ ᠲᠣᠭᠲᠠᠭᠠᠵᠤ ᠰᠢᠯᠭᠠᠨ ᠠᠪᠬᠤ ᠱᠠᠲᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠯ᠎ᠡ ᠨᠢᠭᠡᠴᠡ ᠶᠢᠨ ᠡᠭᠦᠳᠦᠨ ᠪᠠᠶᠢᠭᠤᠯᠬᠤ ᠠᠵᠢᠯ ᠤᠨ ᠮᠠᠲ᠋ᠧᠷᠢᠶᠠᠯ ᠢ ᠴᠤᠭᠯᠠᠭᠤᠯᠤᠨ | ᠡᠮᠬᠢᠳᠬᠡᠬᠦ ᠶᠢ ᠬᠠᠷᠢᠭᠤᠴᠠᠵᠤ᠂ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠩᠬᠠᠨ ᠤ ᠬᠢᠨᠠᠯᠲᠠ ᠪᠠ ᠬᠢᠨᠠᠨ | ᠲᠣᠭᠲᠠᠭᠠᠵᠤ ᠰᠢᠯᠭᠠᠨ ᠠᠪᠬᠤ ᠠᠵᠢᠯ ᠢ ᠰᠠᠶᠢᠲᠤᠷ ᠬᠢᠬᠦ ᠶᠢᠨ ᠬᠠᠮᠲᠤ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠣᠬᠢᠶᠠᠨ | ᠪᠠᠶᠢᠭᠤᠯᠤᠭᠰᠠᠨ ᠬᠢᠨᠠᠨ ᠰᠢᠯᠭᠠᠵᠤ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠠᠢ | ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠦᠵᠡᠯ ᠰᠠᠨᠠᠭ᠎ᠠ ᠪᠠᠨ ᠨᠢᠭᠡᠳᠬᠡᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠤᠳᠤᠷᠢᠳᠤᠯᠭ᠎ᠠ | ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠠᠳᠬᠤᠵᠤ᠂ ᠡᠭᠦᠳᠦᠨ ᠪᠠᠶᠢᠭᠤᠯᠬᠤ ᠠᠵᠢᠯ ᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠤ ᠣᠷᠣᠭᠤᠯᠤᠨ᠂ ᠪᠣᠳᠠᠲᠠᠶ ᠡᠭᠦᠳᠦᠨ ᠪᠠᠶᠢᠭᠤᠯᠬᠤ ᠲᠥᠰᠦᠯ ᠲᠣᠭᠲᠠᠭᠠᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ | ᠬᠦᠴᠦᠨ ᠤ ᠲᠠᠯ᠎ᠠ ᠪᠠᠷ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠳᠠᠢ | ᠡᠭᠦᠳᠦᠨ ᠪᠠᠶᠢᠭᠤᠯᠬᠤ ᠠᠵᠢᠯ ᠢ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠬᠥᠭᠵᠢᠯᠲᠡ ᠶᠢᠨ ᠲᠥᠯᠥᠪᠵᠢᠭᠦᠯᠭᠡ ᠪᠠ ᠡᠷᠡᠭᠦᠯ ᠮᠡᠨᠳᠦ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢᠨ ᠰᠢᠯᠭᠠᠨ ᠬᠢᠨᠠᠬᠤ ᠭᠦᠢᠴᠡᠳᠭᠡᠯ ᠲᠤᠭ᠎ᠠ ᠳᠤ ᠤᠷᠤᠭᠤᠯᠬᠤ | ᠬᠡᠷᠡᠭᠳᠠᠢ᠃ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ | ᠪᠦᠷᠢᠯᠳᠦᠬᠦᠨ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠵᠠᠰᠠᠭ ᠨᠢᠭᠡᠳᠦᠯᠲᠡᠶ ᠤᠳᠤᠷᠢᠳᠬᠤ᠂ ᠡᠯ᠎ᠡ | ᠰᠠᠯᠠᠭ᠎ᠠ ᠮᠥᠴᠢᠷ ᠨᠢᠭᠲᠠ ᠬᠠᠮᠵᠢᠯᠴᠠᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠠᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠤᠳ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠡᠮᠵᠢᠬᠦ ᠬᠦᠴᠦᠨ ᠢ ᠥᠷᠭᠡᠨ ᠢᠶᠠᠷ ᠨᠢᠭᠳᠠᠷᠠᠭᠤᠯᠤᠨ᠂ ᠡᠭᠦᠳᠦᠨ ᠪᠠᠶᠢᠭᠤᠯᠬᠤ | ᠠᠵᠢᠯ ᠢ ᠬᠢᠵᠠᠭᠠᠷᠯᠠᠵᠤ ᠪᠠᠶᠢᠭ᠎ᠠ ᠪᠥᠬᠦ ᠲᠠᠯ᠎ᠠ ᠶᠢᠨ ᠴᠢᠨᠠᠷᠲᠠᠶ᠂ ᠵᠠᠩᠭᠢᠯᠠᠭ᠎ᠠ ᠶᠢᠨ ᠴᠢᠨᠠᠷᠲᠠᠶ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ | ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠦᠬᠦᠯᠢ ᠴᠣᠭᠴᠠ ᠶᠢᠨ ᠰᠡᠳᠬᠢᠮᠵᠢ ᠪᠠᠨ ᠳᠡᠪᠰᠢᠬᠦᠯᠵᠤ᠂ | ᠡᠭᠦᠳᠦᠨ ᠪᠠᠶᠢᠭᠤᠯᠬᠤ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠠᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ ᠵᠢᠴᠢ ᠪᠤᠰᠤᠳ ᠰᠢᠨ᠎ᠡ ᠵᠠᠭᠤᠴᠢᠯᠠᠭᠤᠷ ᠤᠨ | ᠤᠬᠠᠭᠤᠯᠬᠤ ᠠᠴᠢᠶᠠᠯᠠᠪᠤᠷᠢ ᠶᠢ ᠭᠦᠢᠴᠡᠳ ᠠᠰᠢᠭᠯᠠᠨ᠂ ᠡᠭᠦᠳᠦᠨ ᠪᠠᠶᠢᠭᠤᠯᠬᠤ ᠠᠵᠢᠯ ᠢ ᠶᠡᠬᠡᠪᠡᠷ ᠤᠬᠠᠭᠤᠯᠬᠤ ᠬᠡᠷᠡᠭᠳᠠᠢ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠰᠠᠭᠤᠷᠢᠨ ᠭᠠᠵᠠᠷ ᠤᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠬᠠᠭᠤᠯᠭ᠎ᠠ ᠶᠢᠨ ᠭᠠᠵᠠᠷ ᠢ | ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠮᠡᠳᠡᠯᠭᠡ ᠶᠢ ᠢᠳᠡᠪᠬᠢᠲᠡᠶ ᠲᠦᠭᠡᠮᠡᠯᠵᠢᠭᠦᠯᠦᠨ᠂ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠰᠣᠶᠣᠯ ᠢ ᠤᠬᠠᠭᠤᠯᠵᠤ᠂ ᠠᠷᠠᠳ ᠣᠯᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠠᠰᠢᠭᠯᠠᠨ ᠡᠪᠡᠳᠴᠢᠨ | ᠡᠮᠭᠡᠭ ᠢ ᠰᠡᠷᠭᠡᠶᠢᠯᠡᠨ ᠵᠠᠰᠠᠬᠤ᠂ ᠥᠪᠡᠷ ᠢ ᠪᠠᠨ ᠡᠷᠡᠭᠦᠯᠵᠢᠭᠦᠯᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ | ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠢ᠃ | ︵ᠳᠥᠷᠪᠡ︶ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠠᠵᠢᠯ ᠤᠨ ᠳᠤᠮᠳᠠ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠪᠠᠨ | ᠦᠨᠡᠨᠬᠦ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠢ ᠤᠷᠢᠳᠴᠢᠯᠠᠨ ᠣᠶᠢᠯᠠᠭᠠᠵᠤ᠂ ᠠᠵᠢᠯ ᠤᠨ ᠲᠥᠯᠦᠪᠵᠢᠭᠦᠯᠭᠡ ᠪᠠᠨ ᠰᠠᠶᠢᠲᠤᠷ | ᠬᠢᠵᠦ᠂ ᠡᠮᠬᠢ ᠵᠢᠷᠤᠮ ᠲᠠᠢ ᠵᠣᠬᠢᠶᠠᠨ ᠪᠠᠶᠢᠭᠤᠯᠤᠨ᠂ ᠵᠦᠢ ᠵᠣᠬᠢᠰᠲᠠᠢ ᠲᠣᠬᠢᠷᠠᠭᠤᠯᠵᠤ᠂ ᠴᠠᠭ ᠲᠤᠬᠠᠢ ᠳᠤᠨᠢ ᠲᠣᠬᠢᠷᠠᠭᠤᠯᠤᠨ᠂ ᠵᠢᠯᠣᠭᠤᠳᠤᠯᠭ᠎ᠠ ᠪᠠᠨ | ᠴᠢᠩᠭᠠᠳᠬᠠᠵᠤ᠂ ᠭᠤᠶᠤᠴᠢᠯᠠᠨ ᠮᠡᠳᠡᠭᠦᠯᠬᠦ᠂ ᠡᠭᠦᠳᠦᠨ ᠪᠠᠶᠢᠭᠤᠯᠬᠤ᠂ ᠬᠢᠨᠠᠨ ᠬᠠᠷᠭᠤᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠪᠣᠳᠠᠲᠤ ᠪᠠᠶᠢᠳᠠᠯ ᠳᠤ ᠰᠠᠭᠤᠷᠢᠯᠠᠨ᠂ ᠣᠨᠴᠠᠯᠢᠭ ᠢᠶᠠᠨ ᠲᠤᠪᠤᠶᠢᠯᠭᠠᠬᠤ ᠬᠡᠷᠡᠭᠳᠠᠢ᠃ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠰᠠᠭᠤᠷᠢ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠦᠯᠵᠢᠶ᠎ᠡ ᠶᠢ ᠪᠦᠷᠢᠨᠰᠢᠭᠦᠯᠵᠦ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠬᠦᠯᠦᠨ᠂ ᠥᠨᠳᠥᠷ ᠬᠡᠪ | ᠪᠣᠯᠪᠠᠰᠤᠷᠠᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠡᠷᠡᠭᠦᠯᠵᠢᠯ ᠨᠠᠰᠤᠵᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠠᠭᠤᠰᠤᠯᠴᠠᠵᠤ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠳᠠᠢ᠃ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠨᠥᠯᠥᠭᠡᠯᠡᠬᠦ ᠬᠦᠴᠦᠨ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠬᠦ᠂ ᠡᠷᠡᠭᠦᠯᠵᠢᠭᠦᠯᠬᠦ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠲᠠᠨᠢᠨ ᠮᠡᠳᠡᠬᠦ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ᠲᠠᠪᠤ᠂ ᠬᠢᠨᠠᠯᠲᠠ ᠬᠠᠮᠢᠶᠠᠷᠤᠯᠲᠠ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠥᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠨᠡᠶᠢᠭᠡᠮ ᠤᠨ ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠲᠠᠰᠤ ᠪᠤᠶᠤ ᠰᠢᠤᠳᠠᠨ ᠢᠶᠠᠷ ᠨᠡᠶᠢᠲᠡᠯᠡᠵᠦ ᠣᠯᠠᠨ ᠲᠦᠮᠡᠨ ᠤ ᠬᠢᠨᠠᠯᠲᠠ ᠶᠢ | ᠬᠦᠯᠢᠶᠡᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠪᠡᠶ᠎ᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠨ ᠤ ᠲᠥᠯᠥᠪᠯᠡᠭᠡ ᠲᠠᠢ᠂ | ᠪᠠᠶᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ ᠬᠢᠨᠠᠨ ᠰᠢᠯᠭᠠᠯᠲᠠ ᠲᠠᠢ᠂ ᠳ᠋ᠦᠩᠨᠡᠯᠲᠡ ᠲᠠᠢ ᠪᠠᠶᠢᠬᠤ ᠶᠢᠨ ᠬᠠᠮᠲᠤ ᠵᠢᠯ ᠪᠦᠷᠢ ᠶᠢᠨ 6 ᠰᠠᠷ᠎ᠠ᠂ 9 ᠰᠠᠷ᠎ᠠ᠂ 12 | ᠰᠠᠷ᠎ᠠ ᠳᠤ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠣᠰ ᠰᠠᠯᠠᠭ᠎ᠠ ᠮᠥᠴᠢᠷ ᠤᠨ ᠢᠶᠠᠨ ᠡᠭᠦᠳᠦᠨ ᠪᠠᠶᠢᠭᠤᠯᠤᠭᠰᠠᠨ ᠪᠠᠶᠢᠳᠠᠯ ᠤᠨ | ᠪᠢᠴᠢᠭ ᠤᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃ | | |