ᠬᠤᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠭᠤᠤᠯᠳᠠᠯᠭᠠᠳᠤ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠪᠠ
ᠨᠡᠶᠢᠲᠡᠯᠡᠭᠰᠡᠨ ᠴᠠᠭ᠄
2024/5/24
    5 ᠰᠠᠷ᠎ᠠ ᠶᠢᠨ 23 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠭᠤᠸᠠᠩ ᠵᠢᠶᠦ᠋ᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠢᠶᠠᠷ ᠪᠦᠷᠢᠯᠳᠦᠭᠰᠡᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠭᠤᠤᠯᠳᠠᠯᠭᠠᠳᠤ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠤᠳᠤᠯᠵᠤ ᠱᠠᠯᠠᠪᠳᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠣᠭᠠᠴᠢᠯᠠᠭᠰᠠᠨ ᠠᠵᠤ ᠠᠬᠤᠶ  ᠶᠢᠨ ᠪᠤᠶᠢᠵᠢᠭᠤᠯᠤᠯᠳᠠ ᠶᠢᠨ ᠪᠡᠶᠡᠴᠢᠯᠡᠨ ᠣᠶᠢᠯᠠᠭᠠᠬᠤ ᠲᠥᠪ᠂ ᠣᠷᠳᠣᠰ ᠨᠣᠣᠯᠣᠭᠤᠷ ᠤᠨ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ᠂ ᠸᠠᠨ ᠵᠢᠶᠧ ᠲᠤᠭ᠎ᠠ ᠪᠠᠷᠢᠮᠲᠠ ᠶᠢᠨ ᠣᠷᠳᠣᠰ ᠤᠨ ᠬᠡᠲᠦ ᠪᠣᠳᠣᠯᠭ᠎ᠠ ᠶᠢᠨ ᠲᠥᠪ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ᠂ ᠢ ᠯᠢ ᠢ ᠳ᠋ᠤᠤ 10GW ᠶᠢᠨ  ᠡᠯᠡᠰᠦᠷᠬᠡᠭ ᠤᠷᠤᠨ᠂ ᠭᠤᠪᠢ ᠴᠦᠯᠡᠷᠬᠡᠭ ᠭᠠᠵᠡᠷ ᠤᠷᠤᠨ ᠤ ᠥᠨᠳᠥᠷ ᠦᠷ᠎ᠡ ᠠᠰᠢᠭᠳᠤ ᠲᠤᠰᠬᠠᠢ ᠭᠡᠷᠡᠯ ᠴᠡᠨᠡᠭ ᠤᠨ ᠲᠣᠨᠣᠭᠯᠠᠯ᠂ ᠵᠢᠩ ᠤᠣ ᠨᠠᠷᠠᠨ ᠤ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠣᠣᠷ᠎ᠠ ᠨᠡᠭᠦᠷᠡᠰᠦᠲᠥ᠋ᠷᠦᠭᠴᠢᠲᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠩ ᠤᠣ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠵᠦᠩ ᠴᠧ ᠲᠣᠮᠣ ᠬᠡᠯᠪᠡᠷᠢ ᠶᠢᠨ ᠢᠯᠳᠠᠰᠤ ᠶᠢᠨ ᠤᠶᠤᠨᠴᠢᠯᠠᠨ ᠦᠢᠯᠡᠳᠬᠦ ᠰᠠᠭᠤᠷᠢᠨ ᠭᠠᠵᠡᠷ ᠵᠡᠷᠭᠡ ᠲᠥᠷᠥᠯ ᠵᠦᠢᠯ ᠤᠳ ᠢᠶᠠᠷ ᠬᠦᠷᠴᠦ᠂ ᠲᠥᠷᠥᠯ ᠵᠦᠢᠯ ᠤᠨ ᠠᠬᠢᠴᠠ᠂ ᠡᠯᠧᠮᠧᠨ᠋ᠲ ᠤᠨ ᠪᠠᠲᠤᠯᠠᠭ᠎ᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠠᠬᠤᠢ ᠲᠠᠯᠠᠪᠠᠢ ᠠᠴᠠ ᠣᠶᠢᠯᠠᠭᠠᠪᠠ᠃     ᠠᠬᠤᠢ ᠲᠠᠯᠠᠪᠠᠢ ᠳᠤ ᠪᠠᠶᠢᠴᠠᠭᠠᠨ ᠦᠵᠡᠬᠦ ᠪᠠᠷ ᠲᠠᠮᠵᠢᠨ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠳ᠋ᠦᠩᠱᠧᠩ ᠲᠣᠭᠤᠷᠢᠭ ᠤᠨ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠲᠡᠰ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠢᠶᠠᠷ ᠲᠦᠷᠭᠡᠨ᠂ ᠡᠷᠴᠢᠮ ᠢᠶᠠᠷ ᠴᠢᠩᠭ᠎ᠠ᠂ ᠦᠷ᠎ᠡ ᠪᠦᠲᠦᠮᠵᠢ ᠪᠠᠷ ᠪᠣᠳᠠᠲᠠᠢ ᠵᠡᠷᠭᠡ ᠲᠠᠯ᠎ᠠ ᠪᠠᠷ ᠭᠦᠢᠴᠡᠳ ᠨᠤᠲᠠᠯᠠᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠤᠷᠳᠤᠰ ᠬᠤᠳᠠ ᠶᠢᠨ ︽ᠳᠡᠯᠡᠬᠡᠢ ᠶᠢᠨ ᠲᠦᠷᠪᠡᠨ ᠲᠡᠰ ᠤᠨ ᠠᠵᠤ ᠦᠢᠯᠡᠰ︾ ᠢ ᠪᠠᠶᠢᠭᠤᠯᠬᠤ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ︽ᠨᠢᠭᠡᠳᠦᠭᠡᠷ ᠴᠢᠬᠤᠯᠠ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠠᠯ᠎ᠠ ᠪᠠᠷ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠶ ᠬᠡᠵᠤ ᠴᠢᠬᠤᠯᠠᠴᠢᠯᠠᠪᠠ᠃    ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠶᠠᠩ ᠭᠤᠸᠠᠩ ᠶᠣᠣ᠂ ᠯᠢᠦᠢ ᠶᠣᠣ ᠹᠧᠩ᠂ ᠯᠢᠦ ᠬᠤᠢ ᠪᠢᠨ᠂ ᠳ᠋ᠦ᠋ ᠵᠢᠢ ᠺᠤᠸᠠᠨ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ