ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/24
    5 ᠰᠠᠷ᠎ᠠ ᠶᠢᠨ 22 ᠤᠨ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠵᠢᠴᠢ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠵᠦᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠲᠡᠬᠡᠷ᠎ᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠠᠷᠢᠭᠤᠴᠠᠯᠭ᠎ᠠ ᠶᠢ ᠴᠢᠩᠭᠠᠳᠬᠠᠨ᠂ ᠭᠤᠤᠯᠳᠠᠯᠭᠠᠳᠤ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠱᠠᠯᠠᠪᠳᠠᠭᠤᠯᠤᠨ ᠪᠠᠶᠢᠴᠠᠭᠠᠬᠤ ᠠᠴᠠ ᠡᠮᠦᠨ᠎ᠠ ᠥᠭᠡᠷᠡᠴᠢᠯᠡᠬᠦ︾ ᠶᠢ ᠴᠢᠩᠭᠠᠳᠬᠠᠵᠤ᠂ ︽ᠡᠷᠬᠢᠨ ᠬᠠᠷᠠᠬᠤ︾ ᠠᠵᠢᠯ ᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠰᠠᠶᠢᠵᠢᠷᠠᠭᠤᠯᠵᠤ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠲᠡᠬᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠡᠯ᠎ᠡ ᠱᠠᠲᠤᠨ ᠤ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ︾  ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠭᠤᠤᠯᠳᠠᠯᠭᠠᠳᠤ ᠠᠵᠢᠯ ᠲᠦᠷᠦᠯ᠂ ᠭᠤᠤᠯᠳᠠᠯᠭᠠᠳᠤ ᠠᠵᠤ ᠠᠬᠤᠶᠢᠯᠠᠯ᠂ ᠴᠢᠬᠤᠯᠠ ᠨᠡᠮᠡᠭᠳᠡᠯ ᠤᠨ  ᠴᠢᠭ ᠢ ᠴᠢᠩᠭ᠎ᠠ ᠠᠩᠬᠠᠷᠤᠨ᠂ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠪᠠ ᠵᠠᠳᠠᠯᠤᠯᠲᠠ ᠰᠤᠳᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠲᠡᠬᠡᠷ᠎ᠡ᠂ ᠪᠥᠬᠦ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠶᠠᠪᠤᠭᠳᠠᠭᠤᠯᠵᠤ᠂ ︽ᠬᠠᠶᠢᠷ᠎ᠠ ᠬᠠᠯᠠᠮᠵᠢᠳᠤ ᠬᠤᠳᠠ ᠶᠢᠨ ᠡᠷᠡᠬᠦᠯ ᠮᠡᠨᠳᠤ ᠢᠳᠡᠭᠡᠨ ᠤᠮᠳᠠᠭᠠᠨ︾ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠦᠴᠦᠲᠡᠶ ᠪᠥᠭᠡᠳ ᠪᠦᠲᠦᠮᠵᠢᠲᠡᠶ ᠪᠠᠷ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠲᠡᠬᠡᠷ᠎ᠡ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠦᠵᠡᠬᠦᠯᠬᠦ ᠪᠦᠳᠦᠬᠡᠨ ᠪᠠᠶᠢᠭᠤᠯᠤᠯᠳᠠ᠂ ︽ᠠᠷᠪᠢᠴᠢ ᠭᠠᠮᠲᠠᠶ ᠠᠮᠢᠳᠤᠷᠠᠬᠤ︾ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠨᠦᠭᠦᠳ ᠵᠡᠷᠭᠡ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢ ᠴᠢᠩᠭ᠎ᠠ ᠮᠥᠷᠳᠡᠨ ᠠᠰᠠᠭᠤᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠲᠡᠬᠡᠷ᠎ᠡ ᠪᠠᠰᠠ ᠭᠤᠤᠯᠳᠠᠯᠭᠠᠳᠤ ᠲᠦᠷᠦᠯ ᠵᠦᠢᠯ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠬᠠᠤᠯᠢ ᠰᠤᠷᠤᠯᠴᠠᠬᠤ ᠲᠦᠷᠢᠮ᠂ ᠰᠤᠷᠭᠠᠭᠤᠯᠢ ᠶᠢᠨ ᠬᠦᠷᠢᠶᠡᠨ ᠤ ᠭᠠᠯ ᠢ ᠰᠡᠷᠬᠡᠶᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠬᠠᠮᠢᠶᠠᠷᠬᠤ᠂ ᠥᠷᠢ ᠥᠭᠴᠡᠭᠡ ᠶᠢ ᠠᠷᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ