| 5 ᠰᠠᠷ᠎ᠠ ᠶᠢᠨ 22 ᠤᠨ ᠡᠳᠤᠷ᠂ ᠳ᠋ᠦᠡᠭᠱᠸᠡᠭ ᠲᠤᠭᠤᠷᠢᠭ ᠤᠨ ᠵᠠᠰᠠᠭ ᠤᠨ ᠤᠷᠳᠤᠨ ᠤᠯᠠᠨ ᠲᠦᠮᠠᠨ ᠤ ᠲᠡᠷᠭᠡᠳᠡᠭᠢ ᠲᠦᠪ ᠪᠤᠰᠤ ᠰᠤᠷᠳᠠᠯ ᠪᠠ ᠢᠯᠵᠠᠷᠠᠯ ᠤᠨ | ᠠᠰᠠᠭᠤᠳᠠᠯ ᠢ ᠲᠦᠪᠯᠡᠷᠡᠭᠦᠯᠦᠨ ᠴᠡᠭᠴᠡᠯᠡᠭᠦ ᠠᠵᠢᠯ ᠢ ᠠᠭᠢᠭᠤᠯᠬᠤ ᠬᠤᠷᠠᠯ ᠬᠤᠷᠠᠯᠳᠤᠭᠤᠯᠵᠤ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ | ᠲᠤᠭᠤᠷᠢᠭ ᠤᠨ ᠲᠠᠷᠤᠭ᠎ᠠ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ | ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠲᠡᠰ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠭᠤᠤᠯᠳᠠᠯᠭᠠᠳᠤ ᠬᠦᠷᠢᠶᠡᠨ ᠳᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠳᠠᠷᠠᠭᠠᠴᠢ ᠶᠢᠨ | ᠠᠯᠬᠤᠮ ᠤᠨ ᠭᠤᠤᠯᠳᠠᠯᠭᠠᠳᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠶᠡᠷᠦᠩᠬᠡᠢ ᠱᠦᠵᠢ | ᠰᠢ ᠶᠢᠨ ᠫᠢᠩ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠨ᠎ᠠ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ | ᠡᠵᠡᠮᠰᠢᠵᠦ᠂ ᠪᠠᠶᠢᠳᠠᠯ ᠢ ᠲᠣᠳᠣᠷᠬᠠᠢ ᠲᠠᠨᠢᠨ᠂ ᠶᠡᠭᠡ ᠲᠠᠯ᠎ᠠ ᠶᠢ ᠡᠵᠡᠮᠳᠡᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠤᠨ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠴᠡᠭᠴᠡᠯᠡᠨ ᠵᠠᠰᠠᠬᠤ ᠭᠤᠣᠯᠳᠠᠯᠭ᠎ᠠ ᠶᠢ ᠳᠤᠪᠤᠶᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠭᠤᠤᠯᠳᠠᠯᠭᠠᠳᠤ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠪᠡᠯᠡ ᠮᠥᠩᠭᠦ᠂ ᠣᠷᠣᠨ ᠰᠠᠭᠤᠴᠠ ᠶᠢᠨ ᠪᠠᠲᠤᠯᠠᠭ᠎ᠠ᠂ ᠭᠠᠯ ᠢ ᠰᠡᠷᠬᠡᠶᠢᠯᠡᠬᠦ ᠠᠮᠤᠷ ᠲᠦᠪᠰᠢᠨ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠢᠯᠴᠢ ᠬᠠᠩᠭᠠᠬᠤ ᠪᠠᠲᠤᠯᠠᠭ᠎ᠠ ᠵᠡᠷᠭᠡ ᠭᠤᠤᠯᠳᠠᠯᠭᠠᠳᠤ ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ | ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠦᠷᠭᠡᠳᠬᠡᠵᠦ᠂ ᠰᠦᠪᠡᠭᠴᠢ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ | ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠴᠠᠭᠤᠯᠤᠨ ᠬᠦᠳᠡᠯᠦᠯᠴᠡᠬᠦ᠂ ᠲᠤᠬᠢᠷᠠᠭᠤᠯᠤᠨ ᠬᠢᠨᠠᠨ ᠵᠢᠯᠣᠭᠤᠳᠬᠤ ᠪᠠᠨ | ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠴᠠᠭ ᠲᠤᠬᠠᠶ ᠳᠤᠨᠢ ᠰᠤᠳᠤᠯᠤᠨ ᠠᠬᠢᠭᠤᠯᠵᠤ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠨ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃ | ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ |