2024 ᠣᠨ ᠤ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠬᠤᠲᠠ ᠶᠢᠨ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳ᠋ᠦᠩᠱᠧᠩ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2024/5/26
      5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠬᠤᠲᠠ ᠶᠢᠨ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳ᠋ᠦᠩᠱᠧᠩ ᠲᠣᠭᠤᠷᠢᠭ ᠲᠤ ᠡᠬᠢᠯᠡᠪᠡ᠃ ᠠᠵᠢᠯᠯᠠᠭ᠎ᠠ ᠶᠢᠨ ᠳᠤᠮᠳᠠ᠂ 2024 ᠣᠨ ᠤ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠫᠠᠶᠢᠰᠠ ᠣᠯᠭᠤᠪᠠ᠃ ᠥᠪᠡᠷᠲᠡᠭᠡᠨ ᠵᠠᠰᠠᠬᠤ ᠣᠷᠣᠨ ᠵᠢᠴᠢ ᠣᠷᠳᠣᠰ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠬᠦ ᠤᠷᠤᠯᠳᠤᠭᠠᠨ ︵ᠪᠠᠭᠠᠴᠤᠳ ᠤᠨ ᠳᠤᠭᠤᠶᠢᠯᠠᠩ︶  ᠤ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠥᠯᠥᠭᠡᠯᠡᠭᠴᠢ ᠶᠠᠷᠢᠶ᠎ᠠ ᠲᠠᠯᠪᠢᠪᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢᠶᠠᠨ ᠳ᠋ᠦᠩ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠤᠶᠢᠯᠡᠴᠢᠯᠡᠬᠡᠨ ᠤ ᠠᠩᠭᠢ ᠳᠤ ᠲᠤᠭ ᠣᠯᠭᠤᠪᠠ᠃
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ