ᠬᠤᠤ ᠳ᠋ᠧᠩ ᠬᠤᠩ ︵1913 —1945 ᠤᠨ︶
ᠨᠡᠶᠢᠲᠡᠯᠡᠭᠰᠡᠨ ᠴᠠᠭ᠄
2024/5/28
     ᠬᠤᠤ ᠳ᠋ᠧᠩ ᠬᠤᠩ ︵1913 —1945 ᠤᠨ︶᠂ ᠱᠠᠨᠰᠢ ᠮᠤᠵᠢ ᠶᠢᠨ ᠾᠸᠡᠭᠱᠠᠨ ᠰᠢᠶᠠᠨ ᠤ ᠬᠥᠮᠥᠨ᠃ ᠵᠠᠯᠠᠭᠤ ᠨᠠᠰᠤᠨ ᠳᠠᠭᠠᠨ ᠪᠠᠭᠰᠢᠯᠠᠵᠤ᠂ ᠬᠤᠪᠢᠰᠬᠠᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠠᠢ᠃ 1928 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ 1934 ᠣᠨ ᠳᠤ᠂ ᠦᠦᠰᠢᠨ ᠬᠤᠰᠢᠭᠤᠨ ᠤ ᠪᠠᠲᠤ ᠶᠢᠨ ᠲᠤᠬᠤᠢ ᠶᠢᠨ ᠡᠷᠬᠢᠨ ᠬᠠᠪᠢ ᠪᠠᠷ ᠮᠣᠩᠭᠤᠯ ᠬᠢᠲᠠᠳ ᠤᠯᠠᠨ ᠲᠦᠮᠡᠨ ᠢ ᠢᠳᠡᠪᠬᠢᠲᠡᠢ ᠪᠠᠷ ᠳᠠᠶᠢᠴᠢᠯᠠᠨ ᠬᠤᠪᠢᠰᠬᠠᠯᠲᠤ ᠲᠡᠮᠡᠴᠡᠯ ᠳᠤ ᠣᠷᠣᠯᠴᠠᠭᠤᠯᠵᠠᠢ᠃ 1936 ᠣᠨ ᠳᠤ᠂ ᠦᠦᠰᠢᠨ ᠸᠠᠩ ᠤᠨ ᠣᠷᠳᠣᠨ ᠳᠤ ᠭᠦᠨᠵᠡᠭᠡᠶᠢᠷᠡᠨ ᠮᠣᠩᠭᠤᠯ ᠦᠨᠳᠦᠰᠦᠲᠡᠨ ᠤ ᠳᠡᠭᠡᠳᠦ ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠪᠡ᠃ 1937 ᠣᠨ ᠳᠤ᠂ ᠶᠠᠨ ᠠᠨ ᠳᠤ ᠬᠦᠷᠴᠦ ᠲᠥᠪ ᠤᠨ ᠨᠠᠮ ᠤᠨ ᠰᠤᠷᠭᠠᠭᠤᠯᠢ ᠳᠤ ᠣᠷᠣᠵᠤ ᠰᠤᠷᠤᠯᠴᠠᠪᠠ᠃ 1938 ᠣᠨ ᠠᠴᠠ 1939 ᠣᠨ ᠪᠣᠯᠲᠠᠯ᠎ᠠ᠂ ᠨᠠᠢᠮᠠᠳᠤᠭᠠᠷ ᠵᠠᠮ ᠤᠨ ᠴᠡᠷᠢᠭ ᠤᠨ 120 ᠳ᠋ᠤᠭᠠᠷ ᠳ᠋ᠢᠸᠢᠽᠢ ᠶᠢᠨ ᠬᠤᠯᠪᠣᠭᠠᠨ ᠤ ᠱᠲ᠋ᠠᠪᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢ ᠦ᠋ ᠰᠢᠶᠠᠨ ᠤ ᠬᠤᠷᠢᠶᠠᠨ ᠤ ᠱᠦᠵᠢ ᠵᠡᠷᠭᠡ ᠲᠤᠰᠢᠶᠠᠯ ᠢ ᠬᠠᠷᠢᠭᠤᠴᠠᠵᠤ᠂ ᠬᠦᠢ ᠰᠦᠢ ᠳᠤ ᠨᠠᠮ ᠤᠨ ᠨᠢᠭᠤᠴᠠ ᠠᠵᠢᠯ ᠢ ᠬᠢᠵᠦ᠂ ᠤᠬᠠᠭᠤᠯᠭ᠎ᠠ ᠬᠢᠨ ᠶᠠᠫᠤᠨ ᠤ ᠬᠠᠭᠤᠷᠮᠠᠭ ᠴᠡᠷᠢᠭ ᠤᠨ ᠨᠢᠭᠡ ᠬᠤᠷᠢᠶ᠎ᠠ ᠶᠢ ᠠᠮᠵᠢᠯᠳᠠ ᠲᠠᠢ ᠪᠠᠷ ᠤᠷᠪᠠᠯᠭ᠎ᠠ ᠭᠠᠷᠭᠠᠯᠭᠠᠨ ᠵᠥᠪ ᠵᠠᠮ ᠳᠤ ᠣᠷᠣᠭᠤᠯᠣᠭᠰᠠᠨ  ᠪᠦᠭᠡᠳ ᠶᠠᠫᠤᠨ ᠢ ᠡᠰᠡᠷᠭᠦᠴᠡᠬᠦ ᠫᠠᠷᠲ᠋ᠢᠽᠠᠨ ᠠᠵᠢᠯᠯᠠᠭ᠎ᠠ ᠶᠢ ᠤᠳᠤᠷᠢᠳᠤᠨ ᠥᠷᠨᠢᠭᠦᠯᠦᠭᠰᠡᠨ ᠪᠠᠶᠢᠨ᠎ᠠ᠃ 1940 ᠣᠨ ᠳᠤ᠂ ᠵᠠᠷᠯᠢᠭ ᠢᠶᠠᠷ ᠳᠠᠯᠠᠨ ᠬᠠᠷ᠎ᠠ ᠠᠭᠤᠯᠠ ᠠᠴᠠ ᠤᠯᠠᠭᠠᠨᠪᠠᠭᠠᠲᠤᠷ ᠬᠦᠷᠬᠦ ᠤᠯᠠᠨ ᠤᠯᠤᠰ ᠤᠨ ᠵᠠᠮ ᠬᠠᠷᠢᠯᠴᠠᠭᠠᠨ ᠤ ᠱᠤᠭᠤᠮ ᠢ ᠨᠡᠭᠡᠭᠡᠪᠡ᠃ 1941 ᠣᠨ ᠳᠤ ᠵᠥᠪᠯᠡᠯᠲᠦ ᠶᠢᠨ ᠮᠣᠰᠺᠸᠠ ᠶᠢᠨ ᠳᠣᠷᠣᠨᠠᠳᠠᠬᠢᠨ ᠤ ᠶᠡᠭᠡ ᠰᠤᠷᠭᠠᠭᠤᠯᠢ ᠳᠤ ᠰᠤᠷᠤᠯᠴᠠᠵᠤ᠂ ᠲᠡᠭᠦᠰᠦᠭᠰᠡᠨ ᠤ ᠲᠠᠷᠠᠭ᠎ᠠ ᠤᠯᠠᠭᠠᠨᠪᠠᠭᠠᠲᠤᠷ ᠤᠨ ᠳᠤᠮᠳᠠᠳᠤ ᠤᠯᠤᠰ ᠤᠨ ᠠᠵᠢᠯᠴᠢᠨ ᠤ ᠺᠯᠦ᠋ᠪ ᠲᠤ ᠣᠴᠢᠵᠤ ᠠᠵᠢᠯᠯᠠᠪᠠ᠃ 1945 ᠣᠨ ᠤ 8 ᠰᠠᠷ᠎ᠠ ᠳᠤ᠂ ᠵᠠᠷᠯᠢᠭ ᠢᠶᠠᠷ ᠤᠯᠤᠰ ᠲᠠᠭᠠᠨ ᠪᠤᠴᠠᠵᠤ᠂ ᠴᠠᠬᠠᠷ ᠪᠠᠷᠠᠭᠤᠨ ᠭᠠᠷᠤᠨ ᠬᠦᠯᠦ ᠤᠯᠠᠭᠠᠨ ᠬᠤᠰᠢᠭᠤ ︵ᠤᠳᠤ ᠶᠢᠨ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︶ ᠢᠶᠠᠷ ᠥᠩᠭᠡᠷᠡᠬᠦ ᠳᠡᠭᠡᠨ ᠳᠡᠭᠡᠷᠡᠮ  ᠤᠨ ᠳᠠᠭᠠᠷᠢᠯᠲᠠ ᠳᠤ ᠤᠴᠠᠷᠠᠵᠤ᠂ ᠵᠣᠯ ᠪᠤᠰᠤ ᠪᠠᠷ ᠪᠠᠭᠠᠲᠤᠷᠯᠢᠭ ᠢᠶᠠᠷ ᠪᠡᠶ᠎ᠡ ᠦᠷᠡᠭᠳᠡᠵᠡᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ