2024 ᠤᠨ ᠤ 1 — 4 ᠰᠠᠷ᠎ᠠ ᠶᠢᠨ ᠳ᠋ᠦᠡᠭᠱᠸᠡᠭ ᠲᠤᠭᠤᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 31.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/31
    ᠨᠢᠭᠡ᠂ ᠶᠡᠷᠦᠩᠬᠡᠶ ᠠᠵᠢᠯᠯᠠᠭᠠᠨ ᠤ ᠪᠠᠶᠢᠳᠠᠯ     2024 ᠣᠨ ᠤ 1 ᠰᠠᠷ᠎ᠠ ᠠᠴᠠ 4 ᠰᠠᠷ᠎ᠠ ᠪᠣᠯᠲᠠᠯ᠎ᠠ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠬᠥᠮᠥᠷᠭᠡ ᠳᠤ ᠪᠠᠶᠢᠭ᠎ᠠ ᠲᠥᠷᠥᠯ ᠵᠦᠢᠯ 163 ᠪᠠᠶᠢᠵᠤ᠂ ᠡᠭᠦᠨ ᠳᠤ ᠲᠥᠷᠥᠯ ᠵᠦᠢᠯ ᠤᠨ ᠪᠠᠯᠠ ᠣᠷᠣᠭᠤᠯᠤᠯᠲᠠ 93 ᠪᠠᠶᠢᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 70 ᠪᠣᠶ᠃ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 31.3% ᠪᠠᠷ ᠨᠡᠮᠡᠭᠳᠡᠪᠡ᠃     ᠠᠵᠤ ᠤᠶᠢᠯᠡᠰ ᠢᠶᠠᠷ ᠬᠤᠪᠢᠶᠠᠪᠠᠯ᠂ ᠬᠤᠶᠠᠳᠤᠭᠠᠷ ᠠᠵᠤ ᠤᠶᠢᠯᠡᠰ ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 161.9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠠᠬᠢ ᠬᠤᠪᠢ ᠶᠢᠨ ᠵᠢᠩ ᠨᠢ 78% ᠪᠣᠯᠤᠨ᠎ᠠ︔ ᠭᠤᠷᠪᠠᠳᠤᠭᠠᠷ ᠠᠵᠤ ᠤᠶᠢᠯᠡᠰ ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.7% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 22% ᠪᠣᠯᠤᠨ᠎ᠠ᠃     ᠪᠦᠷᠢᠯᠳᠦᠯ ᠤᠨ ᠪᠠᠶᠢᠳᠠᠯ ᠠᠴᠠ ᠦᠵᠡᠪᠡᠯ᠂ ᠪᠠᠷᠢᠯᠭ᠎ᠠ ᠤᠭᠰᠠᠷᠠᠬᠤ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 73%  ᠪᠠᠷ ᠨᠡᠮᠡᠭᠳᠡᠵᠦ᠂ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠤᠭᠰᠠᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.3% ᠪᠠᠷ ᠪᠠᠭᠤᠷᠠᠵᠤ᠂ ᠪᠤᠰᠤᠳ ᠪᠡᠯᠡ ᠣᠷᠣᠭᠤᠯᠤᠯᠲᠠ ︵ᠭᠠᠵᠠᠷ ᠰᠢᠷᠣᠶ᠂ ᠨᠤᠷᠠᠭᠠᠵᠤ ᠨᠡᠭᠦᠯᠭᠡᠬᠦ ᠵᠡᠷᠭᠡ︶ ᠠᠳᠠᠯᠢ ᠬᠤᠭᠤᠴᠠᠭᠠᠨ ᠤ ᠬᠢ ᠠᠴᠠ 59.2% ᠢᠶᠠᠷ ᠪᠠᠭᠤᠷᠠᠪᠠ᠃     ᠬᠤᠶᠠᠷ᠂ ᠪᠡᠯᠡ ᠣᠷᠣᠭᠤᠯᠤᠯᠲᠠ ᠶᠢᠨ ᠠᠵᠢᠯᠯᠠᠭᠠᠨ ᠤ ᠭᠢᠯᠠᠰ ᠴᠢᠭ     ᠨᠢᠭᠡ ᠳᠤ ᠦᠢᠯᠡᠳᠬᠡᠯ ᠤᠨ ᠦᠢᠯᠡᠰ ᠤᠨ ᠪᠡᠯᠡ ᠣᠷᠣᠭᠤᠯᠤᠯᠲᠠ ᠦᠳᠲᠡᠷ ᠲᠦᠷᠭᠡᠨ ᠨᠡᠮᠡᠭᠳᠡᠪᠡ᠃ 1 — 4 ᠰᠠᠷ᠎ᠠ ᠳᠤ᠂ ᠦᠢᠯᠡᠳᠬᠡᠯ ᠤᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 219.1% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 84.2% ᠢ ᠡᠵᠡᠯᠡᠵᠦ᠂ ᠪᠦᠬᠦ ᠪᠡᠯᠡ ᠣᠷᠣᠭᠤᠯᠤᠯᠲᠠ ᠶᠢᠨ 65.8% ᠶᠢ ᠡᠵᠡᠯᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 59.3 ᠵᠠᠭᠤᠨ ᠤ ᠬᠤᠪᠢ ᠲᠠᠶᠢᠴᠢᠯᠠᠪᠠ᠃ ᠡᠭᠦᠨ ᠳᠤ ᠲᠣᠨᠤᠭ ᠲᠥᠬᠦᠭᠡᠷᠦᠮᠵᠢ ᠤᠶᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 217.8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 59 ᠵᠠᠭᠤᠨ ᠤ ᠬᠤᠪᠢ ᠪᠠᠷ ᠨᠡᠮᠡᠭᠳᠡᠭᠦᠯᠪᠡ᠃     ᠬᠤᠶᠠᠷ ᠲᠤ ᠲᠤᠮᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠤᠪᠤᠶᠢᠮ᠎ᠠ ᠪᠠᠶᠢᠨ᠎ᠠ᠃ 1 — 4 ᠰᠠᠷ᠎ᠠ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠪᠥᠬᠦ ᠪᠡᠯᠡ ᠣᠷᠣᠭᠤᠯᠤᠯᠲᠠ ᠶᠢᠨ 78.2% ᠢ ᠡᠵᠡᠯᠡᠵᠦ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠪᠥᠬᠦ ᠪᠡᠯᠡ ᠣᠷᠣᠭᠤᠯᠤᠯᠲᠠ ᠶᠢᠨ 72.6% ᠶᠢ ᠡᠵᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ