ᠭᠤᠤ ᠢ ᠳ᠋ᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
    5 ᠰᠠᠷ᠎ᠠ ᠶᠢᠨ 7 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠵᠢᠩ ᠤᠣ ᠨᠡᠷᠡᠨ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠤᠤᠷ᠎ᠠ ᠨᠡᠭᠦᠷᠡᠰᠦᠲᠥ᠋ᠷᠥᠭᠴᠢᠲᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ᠂ ᠵᠥᠩ ᠴᠧ ᠲᠣᠮᠣ ᠬᠡᠯᠪᠡᠷᠢ ᠶᠢᠨ ᠢᠯᠳᠡᠰᠤ ᠦᠢᠯᠡᠳᠬᠦ ᠣᠶᠤᠨᠴᠢ ᠰᠠᠭᠤᠷᠢᠨ ᠭᠠᠵᠠᠷ ᠤᠨ ᠲᠥᠷᠥᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠤᠷᠢ ᠶᠢᠨ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ᠂ ᠵᠢᠶᠠ ᠴᠢ ᠴᠧᠩ ᠡᠨᠧᠷᠭᠢ ᠶᠢᠨ ᠪᠠᠷᠢᠮᠵᠢᠶᠠᠵᠢᠭᠤᠯᠤᠭᠰᠠᠨ ᠦᠢᠯᠡᠳᠪᠤᠷᠢ ᠶᠢᠨ ᠬᠡᠷ ᠪᠠᠶᠢᠰᠢᠩ᠂ ᠣᠷᠳᠣᠰ ᠤᠨ ᠨᠤᠤᠯᠤᠭᠤᠷ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠭᠤᠤ ᠢ ᠳ᠋ᠦᠩ ᠪᠠᠷᠢᠯᠭ᠎ᠠ ᠶᠢᠨ ᠭᠠᠵᠠᠷ᠂ ᠦᠢᠯᠡᠳᠪᠦᠷᠢ ᠶᠢᠨ ᠲᠠᠰᠤᠭ᠂ ᠦᠵᠡᠭᠦᠯᠭᠡ ᠶᠢᠨ ᠲᠢᠩᠬᠢᠮ ᠵᠡᠷᠭᠡ ᠭᠠᠵᠠᠷ ᠲᠤ ᠬᠦᠷᠴᠦ᠂ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠬᠦᠢᠴᠡᠳᠬᠡᠬᠦ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠶᠤᠯᠬᠦᠢ ᠦᠢᠯᠡᠳᠪᠤᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠪᠠ᠃    ᠭᠤᠤ ᠢ ᠳ᠋ᠦᠩ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠤᠨᠢᠨ ᠳᠡᠭᠡᠷ᠎ᠡ ᠨᠢ ᠦᠢᠯᠡᠴᠢᠯᠡᠵᠦ᠂ ᠮᠡᠷᠭᠡᠵᠢᠯ ᠤᠨ ᠬᠦᠴᠦᠨ ᠤ ᠲᠤᠯᠭᠠᠭᠤᠷᠢᠯᠠᠯ ᠢ ᠴᠢᠩᠭᠠᠳᠬᠠᠵᠤ᠂ ᠪᠡᠯᠡ ᠮᠥᠩᠭᠦ᠂ ᠦᠢᠯᠡᠳᠪᠦᠷᠢ ᠶᠢᠨ ᠭᠡᠷ᠂ ᠭᠠᠵᠠᠷ ᠬᠡᠷᠡᠭᠯᠡᠬᠦ ᠵᠢᠴᠢ ᠮᠠᠰᠢᠨ ᠮᠠᠲ᠋ᠧᠷᠢᠶᠠᠯ ᠲᠥᠬᠦᠭᠡᠷᠦᠮᠵᠢ ᠵᠡᠷᠭᠡ ᠡᠯᠧᠮᠧᠨ᠋ᠲ ᠤᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠨᠤᠳᠤᠭᠰᠢᠭᠰᠠᠨ ᠠᠵᠤ ᠠᠬᠤᠶᠢᠯᠠᠯ ᠢ ᠬᠢᠨᠠᠨ ᠰᠢᠯᠭᠠᠵᠤ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠦᠢᠯᠡᠳᠬᠦᠨ ᠤ ᠦᠷᠳᠡᠭ᠂ ᠪᠡᠯᠡ ᠣᠷᠣᠭᠤᠯᠤᠯᠲᠠ᠂ ᠭᠠᠶᠢᠯᠢ ᠲᠠᠲᠠᠪᠤᠷᠢ ᠵᠡᠷᠭᠡ ᠪᠠᠷ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠲᠦᠪᠰᠢᠨ ᠢᠶᠠᠷ ᠡᠵᠡᠩᠨᠡᠬᠦ ᠶᠢ ᠪᠠᠷᠢᠮᠲᠠᠯᠠᠵᠤ᠂ ᠴᠢᠳᠠᠮᠵᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠣᠷᠣᠨ ᠵᠠᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠪᠣᠯᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠬᠡᠵᠡᠢ᠃    ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠶᠠᠩ ᠭᠤᠸᠠᠩ ᠶᠣᠣ᠂ ᠵᠠᠩ ᠯᠢᠨ᠂ ᠭᠤᠤ ᠮᠢᠩ᠂ ᠳ᠋ᠦ᠋ ᠵᠢᠢ ᠺᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ