ᠭᠤᠤ ᠢ ᠳ᠋ᠦᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠬᠤᠢ ᠳᠠᠯᠠᠪᠠᠢ ᠳᠤ ᠠᠯᠪᠠᠯᠠᠬᠤ ᠠᠵᠢᠯᠯᠠᠭ᠎ᠠ ᠥᠷᠨᠢᠭᠦᠯᠵᠦ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
      ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠡᠳᠬᠢᠯ ᠳᠡᠯᠪᠢᠨ ᠬᠦᠴᠦ ᠣᠷᠣᠭᠤᠯᠤᠨ ᠬᠠᠷᠢᠭᠤᠯᠲᠠ ᠥᠭᠴᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 7 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ  ᠤ  ᠱᠦᠵᠢ ᠭᠤᠤ ᠢ ᠳ᠋ᠦᠡᠭ ᠪᠧᠢ ᠭᠥᠸᠧ ᠱᠠᠩ ᠳ᠋ᠦ᠋᠂ ᠱᠧᠨ ᠪᠤᠤ ᠶᠢᠨ ᠬᠠᠢ ᠸᠠᠨ᠂ ᠰᠢᠨ ᠴᠢ ᠳ᠋ᠢᠶᠠᠨ ᠵᠢᠶᠠ ᠶᠤᠸᠠᠨ᠂ ᠰᠢᠶᠠᠩ ᠾᠧ  ᠵᠢᠶᠠ ᠶᠤᠸᠠᠨ᠂ ᠾᠧᠩ ᠶᠤᠸᠠᠨ · ᠴᠧᠨ ᠵᠢᠩ ᠶᠤᠸᠠᠨ᠂ ᠱᠢ ᠲᠠᠢ ᠬᠤᠸᠠ ᠹᠦ᠋ ᠵᠡᠷᠭᠡ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠤ᠂ ︽ᠲᠦᠷᠪᠡ ᠶᠢ ᠦᠨᠳᠤᠰᠤᠨ ᠱᠠᠳᠤᠨ ᠳᠤ ᠪᠠᠭᠤᠯᠭᠠᠬᠤ︾ ᠠᠬᠤᠢ ᠲᠠᠯᠠᠪᠠᠢ ᠳᠤ ᠠᠯᠪᠠᠯᠠᠬᠤ ᠠᠵᠢᠯᠯᠠᠭ᠎ᠠ ᠶᠢ ᠦᠷᠨᠢᠭᠦᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠠᠨ ᠳᠠᠬᠢ ᠲᠤᠪᠤᠶᠢᠮ᠎ᠠ ᠠᠰᠠᠭᠤᠳᠠᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠭᠤᠤ ᠢ ᠳ᠋ᠦᠩ ᠬᠦᠷᠦᠭᠰᠡᠨ ᠭᠠᠵᠠᠷ ᠪᠣᠯᠭᠠᠨ ᠳᠤ ᠴᠥᠮ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠪᠠ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠪᠠ᠃      ᠭᠤᠤ ᠢ ᠳ᠋ᠦᠩ᠂ ᠡᠯ᠎ᠡ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠪᠠ ᠠᠵᠢᠯᠯᠠᠬᠤ ᠳᠤᠭᠤᠶᠢᠯᠠᠩ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠤᠨ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠮᠠᠨᠠᠵᠤ ᠰᠠᠭᠤᠨ  ᠦᠢᠯᠡᠴᠢᠯᠡᠬᠦ ᠠᠵᠢᠯ ᠤᠨ ᠲᠣᠭᠲᠠᠴᠠ ᠶᠢ ᠬᠡᠷᠡᠭᠯᠡᠵᠦ᠂ ᠠᠵᠢᠯ ᠤᠨ ᠬᠦᠴᠦᠨ ᠢ ᠨᠢᠭᠡᠳᠦᠯᠲᠡᠢ ᠲᠦᠯᠦᠪᠵᠢᠬᠦᠯᠦᠨ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠲᠦᠭᠵᠢᠷᠡᠯ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃ ᠬᠠᠮᠢᠶ᠎ᠠ ᠪᠥᠬᠦᠶ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ ᠳᠠᠯᠠᠪᠠᠢ ᠶᠢᠨ ᠬᠠᠮᠢᠶᠠᠷᠤᠯᠲᠠ ᠪᠠᠨ ᠴᠢᠩᠭᠠᠳᠬᠠᠨ᠂ ᠪᠠᠷᠢᠯᠭ᠎ᠠ ᠶᠢᠨ ᠠᠵᠢᠯ ᠢᠶᠠᠨ ᠵᠢᠷᠤᠮᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠬᠦᠨ ᠠᠵᠢᠯ ᠢᠶᠠᠨ ᠰᠢᠬᠠᠨ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠢᠨᠠᠷ ᠰᠠᠶᠢᠲᠠᠶ ᠰᠣᠳᠣᠨ ᠲᠥᠷᠥᠯ ᠵᠦᠢᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠡᠯ᠎ᠡ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠬᠦᠴᠦᠲᠡᠶ ᠠᠷᠭ᠎ᠠ ᠬᠡᠮᠵᠢᠶ᠎ᠡ ᠪᠠᠷ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠬᠡᠷ ᠪᠠᠶᠢᠰᠢᠩ ᠭᠠᠵᠠᠷ  ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠦᠢ ᠬᠤᠷᠤᠢ ᠦᠬᠡᠢ ᠪᠠᠶᠢᠳᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠨᠠᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠬᠡᠷᠡᠭᠲᠡᠶ ᠭᠡᠵᠡᠢ᠃      ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠤ ᠮᠢᠩ᠂ ᠯᠢᠦ ᠴᠦᠨ ᠭᠤᠸᠠᠩ᠂ ᠳ᠋ᠦ᠋ ᠵᠢᠢ ᠺᠤᠸᠠᠨ᠂ ᠵᠠᠩ ᠪᠢᠩ᠂ ᠵᠠᠩ ᠵᠢᠶᠠᠨ ᠬᠦᠩ᠂ ᠸᠠᠩ ᠱᠧᠩ ᠷᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ