ᠰᠠᠷᠠᠭᠤᠯ ᠢᠷᠡᠬᠡᠳᠦᠢ ᠵᠦᠭ ᠢᠶᠠᠨ ᠰᠠᠭᠠᠳ ᠦᠬᠡᠢ ᠲᠠᠪᠬᠢᠭᠤᠯᠬᠤ ᠮᠠᠰᠢᠨ ᠲᠡᠷᠬᠡᠨ ᠤ ᠤᠶᠢᠯᠡᠰ
ᠨᠡᠶᠢᠲᠡᠯᠡᠭᠰᠡᠨ ᠴᠠᠭ᠄
2024/6/12
     ᠡᠨᠡ ᠵᠢᠯ ᠤᠨ ᠡᠬᠢᠨ ᠳᠤ᠂ ᠤᠷᠳᠤᠰ ᠬᠤᠳᠠ ᠶᠢᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠡᠩ᠂ ᠳ᠋ᠦᠩᠱᠧᠩ ᠲᠤᠭᠤᠷᠢᠭ ᠨᠢ ᠰᠢᠨ᠎ᠠ ᠪᠠᠷ ᠮᠠᠨᠳᠤᠭᠰᠡᠨ ᠠᠵᠤ ᠤᠶᠢᠯᠡᠰ ᠢ ᠢᠳᠡᠪᠬᠢᠳᠠᠢ ᠪᠠᠶᠢᠷᠢᠯᠠᠭᠤᠯᠵᠤ᠂ ᠲᠠᠪᠠᠭᠤᠯᠢᠭ ᠦᠷᠢᠰᠦᠯᠳᠦᠬᠡᠨ ᠤ ᠵᠠᠮ ᠢ ᠡᠵᠡᠯᠡᠬᠦ ᠪᠠᠷ ᠲᠠᠮᠵᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠬᠤ ᠡᠨᠡ ᠬᠦ ᠬᠦᠴᠢᠷ ᠰᠡᠳᠤᠪ ᠢ ᠰᠢᠢᠳᠪᠦᠷᠢᠯᠡᠬᠦ ︽ᠲᠦᠯᠬᠢᠬᠦᠷ︾ ᠢ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠡᠭᠡᠨ ᠪᠢᠴᠢᠵᠤ ᠤᠷᠤᠭᠤᠯᠤᠭᠰᠡᠨ ᠶᠤᠮ᠃ ᠡᠬᠦᠨ ᠳᠤ᠂ ᠮᠠᠰᠢᠨ ᠲᠡᠷᠬᠡᠨ ᠤ ᠠᠵᠤ ᠤᠶᠢᠯᠡᠰ ᠢᠶᠠᠷ ᠲᠦᠯᠦᠬᠡᠯᠡᠬᠦᠯᠦᠭᠰᠡᠨ ᠲᠤᠨᠤᠭᠯᠠᠯ ᠤᠶᠢᠯᠡᠳᠬᠦ ᠤᠶᠢᠯᠡᠰ ᠨᠢ ᠨᠡᠩ ᠴᠦ ᠳ᠋ᠦᠩᠱᠧᠩ ᠲᠤᠭᠤᠷᠢᠭ  ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠤ ᠤᠶᠢᠯᠡᠰ ᠤᠨ ᠵᠢᠷᠤᠭ ᠲᠦᠯᠦᠪᠯᠡᠭᠡ ᠳᠠᠬᠢ ᠭᠤᠤᠯᠳᠠᠯᠭ᠎ᠠ  ᠶᠢᠨ ᠲᠤᠳᠤᠷᠠᠬᠢ ᠭᠤᠤᠯᠳᠠᠯᠭ᠎ᠠ ᠪᠤᠯᠪᠠ᠃     ᠠᠭᠠᠬᠢᠮ᠎ᠠ ᠵᠤᠨ ᠤ ᠨᠢᠬᠡᠨ ᠡᠳᠦᠷ᠂ ᠴᠢ ᠷᠦᠢ ︵ᠤᠷᠳᠤᠰ︶ ᠤᠶᠤᠨᠴᠢ ᠰᠦᠯᠵᠢᠶᠠᠨ ᠬᠤᠯᠪᠤᠭᠠᠯᠠᠯ ᠤᠨ ᠮᠠᠰᠢᠨ ᠲᠡᠷᠬᠡᠨ ᠤ ᠠᠵᠤ ᠤᠶᠢᠯᠡᠰ ᠤᠨ ᠬᠦᠷᠢᠶᠠᠯᠠᠩ ᠤᠨ ᠪᠠᠷᠢᠮᠵᠢᠶᠠᠵᠢᠭᠰᠡᠨ ᠤᠶᠢᠯᠡᠳᠪᠤᠷᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠬᠦᠷᠴᠢᠬᠢᠨᠠᠨ ᠲᠤᠤᠭᠠᠷᠴᠦ᠂ ᠲᠡᠷᠬᠡ ᠮᠠᠰᠢᠨ ᠨᠠᠭᠠᠰᠢ ᠴᠠᠭᠠᠰᠢ ᠰᠦᠯᠵᠢᠯᠳᠤᠨ᠂ ᠠᠵᠢᠯᠴᠢᠳ ᠶᠠᠭᠠᠷᠠᠯᠳᠠᠢ ᠠᠵᠢᠯᠯᠠᠵᠤ ᠪᠠᠶᠢᠯ᠎ᠠ᠃
640 (1).jpg
     ︽ᠤᠳᠤᠬᠠᠨ ᠳᠤ᠂ ᠮᠠᠨ ᠤ ᠲᠦᠷᠦᠯ ᠵᠤᠶᠢᠯ ᠤᠨ ᠤᠯᠠᠨ ᠱᠤᠭᠤᠮ ᠢᠶᠠᠷ ᠠᠵᠢᠯ ᠡᠬᠢᠯᠡᠬᠦᠯᠵᠤ᠂ ᠪᠠᠷᠢᠯᠭ᠎ᠠ  ᠶᠢᠨ ᠪᠦᠳᠦᠬᠡᠨ ᠪᠠᠶᠢᠭᠤᠯᠤᠯᠳᠠ ᠶᠢᠨ ᠠᠰᠢᠭᠳᠠᠢ ᠴᠠᠭ ᠲᠤᠬᠢᠶᠠᠯ ᠢ ᠵᠠᠪᠳᠤᠨ ᠨᠡᠩ ᠴᠢᠨᠠᠷ ᠰᠠᠶᠢᠳᠠᠢ᠂ ᠨᠡᠩ ᠲᠦᠷᠬᠡᠨ᠂ ᠨᠡᠩ ᠠᠮᠦᠷ ᠲᠦᠪᠰᠢᠨ ᠢᠶᠠᠷ ᠪᠠᠷᠢᠯᠭ᠎ᠠ ᠶᠢᠨ ᠠᠬᠢᠴᠠ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠬᠠᠷᠠᠯᠳᠠ ᠡᠬᠦᠷᠬᠡ ᠪᠠᠨ ᠪᠡᠶᠡᠯᠡᠬᠦᠯᠬᠦ ᠪᠠᠷ ᠴᠢᠷᠮᠠᠶᠢᠵᠤ᠂ ᠲᠦᠷᠦᠯ ᠵᠤᠶᠢᠯ ᠢ ᠡᠷᠳᠡᠬᠡᠨ ᠨᠤᠳᠤᠭᠰᠢᠭᠤᠯᠬᠤ ᠪᠠᠷ ᠲᠦᠯᠦᠪᠯᠡᠵᠤ ᠪᠤᠢ︾ ᠬᠡᠵᠤ ᠬᠠᠯᠠᠭᠤᠨ ᠨᠠᠷᠠᠨ ᠳᠤ ᠬᠠᠷ᠎ᠠ ᠬᠦᠯᠦᠰᠦ ᠪᠠᠨ ᠠᠰᠬᠠᠷᠠᠭᠤᠯᠤᠨ ᠠᠵᠢᠯᠯᠠᠵᠤ ᠪᠠᠶᠢᠭᠰᠡᠨ ᠲᠦᠷᠦᠯ ᠵᠤᠶᠢᠯ  ᠤᠨ ᠬᠠᠷᠢᠭᠤᠴᠠᠯᠭᠠᠳᠠᠨ ᠵᠠᠩ ᠰᠢᠨ ᠰᠤᠷᠪᠤᠯᠵᠢᠯᠠᠭᠴᠢ ᠳᠤ ᠬᠡᠯᠡᠯ᠎ᠠ᠃      ᠤᠶᠢᠯᠠᠭᠠᠭᠰᠡᠨ ᠢᠶᠠᠷ᠂ ᠴᠢ ᠷᠦᠢ  ︵ᠤᠷᠳᠤᠰ︶ ᠤᠶᠤᠨᠴᠢ ᠰᠦᠯᠵᠢᠶᠠᠨ ᠬᠤᠯᠪᠤᠭᠠᠯᠠᠯ ᠤᠨ ᠮᠠᠰᠢᠨ ᠲᠡᠷᠬᠡᠨ ᠤ ᠠᠵᠤ ᠤᠶᠢᠯᠡᠰ ᠤᠨ ᠬᠦᠷᠢᠶᠠᠯᠠᠩ ᠤᠨ ᠪᠠᠷᠢᠮᠵᠢᠶᠠᠵᠢᠭᠰᠡᠨ ᠤᠶᠢᠯᠡᠳᠪᠤᠷᠢ ᠶᠢᠨ ᠪᠠᠷᠢᠯᠭ᠎ᠠ ᠶᠢᠨ ᠶᠡᠷᠦᠩᠬᠡᠢ ᠲᠡᠯᠡᠪᠡᠢ ᠨᠢ 21.3 ᠲᠦᠮᠡᠨ ᠲᠡᠭᠰᠢ ᠲᠦᠷᠪᠡᠯᠵᠢᠨ ᠮᠧᠲᠷ᠂ ᠶᠡᠷᠦᠩᠬᠡᠢ ᠪᠡᠯᠡ ᠤᠷᠤᠭᠤᠯᠤᠯᠳᠠ ᠶᠢᠨ ᠬᠡᠮᠵᠢᠶ᠎ᠠ ᠨᠢ 15.56 ᠳ᠋ᠦᠩᠰᠢᠭᠤᠷ ᠲᠦᠬᠦᠷᠢᠭ᠂ ᠶᠡᠷᠦᠩᠬᠡᠢ ᠭᠠᠵᠡᠷ ᠬᠡᠷᠡᠭᠯᠡᠬᠦ ᠲᠠᠯᠠᠪᠠᠢ ᠨᠢ 442881.86 ᠲᠡᠭᠰᠢ ᠲᠦᠷᠪᠡᠯᠵᠢᠨ ᠮᠧᠲᠷ᠂ ᠰᠢᠨ᠎ᠠ ᠪᠠᠷ ᠪᠠᠶᠢᠭᠤᠯᠤᠭᠰᠡᠨ ᠪᠠᠷᠢᠯᠭ᠎ᠠ ᠶᠢᠨ ᠲᠠᠯᠠᠪᠠᠢ ᠨᠢ 211040 ᠲᠡᠭᠰᠢ ᠲᠦᠷᠪᠡᠯᠵᠢᠨ ᠮᠧᠲᠷ ᠪᠤᠯᠤᠨ᠎ᠠ᠃ ᠲᠦᠷᠦᠯ ᠵᠤᠶᠢᠯ ᠨᠢ ᠪᠠᠷᠢᠯᠭ᠎ᠠ ᠪᠠᠨ ᠲᠠᠭᠤᠰᠬᠠᠭᠰᠠᠨ ᠤ ᠲᠠᠷᠠᠭ᠎ᠠ᠂ 3000 ᠬᠦᠮᠦᠨ ᠳᠤ ᠠᠵᠢᠯ ᠤᠯᠭᠤᠬᠤ ᠠᠰᠠᠭᠤᠳᠠᠯ ᠢ ᠰᠢᠢᠳᠪᠤᠷᠢᠯᠡᠵᠤ ᠲᠠᠶᠢᠯᠦᠨ᠎ᠠ᠃ ᠲᠤᠰ ᠲᠦᠷᠦᠯ ᠵᠤᠶᠢᠯ ᠢ 2025 ᠤᠨ ᠳᠤ ᠪᠡᠶᠡᠯᠡᠬᠦᠯᠦᠨ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠤ ᠪᠤᠢ᠃    ᠤᠷᠳᠤᠰ ᠤᠨ ᠲᠡᠬᠡᠳᠤ ᠰᠢᠨ᠎ᠠ ᠮᠡᠷᠬᠡᠵᠢᠯ ᠤᠨ ᠬᠦᠷᠢᠶᠡᠯᠡᠩ᠂ ᠳ᠋ᠦᠩᠱᠧᠩ ᠲᠤᠭᠤᠷᠢᠭ ᠤᠨ ᠮᠠᠰᠢᠨ ᠲᠡᠷᠬᠡᠨ ᠤ ᠠᠵᠤ ᠤᠶᠢᠯᠡᠰ ᠤᠨ ᠲᠦᠯᠦᠪᠵᠢᠬᠦᠯᠬᠡ ᠶᠢᠨ ᠵᠠᠩᠬᠢᠯᠠᠭ᠎ᠠ ᠶᠢᠨ ᠭᠤᠭᠴᠤᠭ᠎ᠠ ᠪᠤᠯᠤᠭᠰᠡᠨ ᠤ ᠬᠤᠪᠢ ᠳᠤ᠂ ᠴᠢ ᠷᠦᠢ  ᠶᠢᠨ 15 ᠲᠦᠮᠡᠨ ᠰᠠᠭᠤᠳᠠᠯ ᠤᠨ ᠮᠠᠰᠢᠨ᠂ 35 ᠲᠦᠮᠡᠨ ᠬᠦᠳᠡᠯᠬᠡᠬᠦᠷ ᠮᠠᠰᠢᠨ᠂ 15 ᠲᠦᠮᠡᠨ ᠬᠤᠷᠳᠤᠴᠠ ᠦᠬᠡᠷᠡᠴᠢᠯᠡᠬᠦ ᠬᠠᠶᠢᠷᠴᠠᠭ᠂ 3000 ᠰᠠᠭᠤᠷᠢ ᠰᠢᠨ᠎ᠠ ᠡᠨᠧᠷᠬᠢ ᠶᠢᠨ ᠬᠦᠨᠳᠤ ᠠᠴᠢᠶᠠᠨ ᠤ ᠮᠠᠰᠢᠨ ᠤ ᠲᠦᠷᠦᠯ ᠵᠤᠶᠢᠯ ᠨᠢ ᠴᠦᠮ ᠪᠠᠶᠢᠭᠤᠯᠤᠭᠳᠠᠨ ᠠᠰᠢᠭᠯᠠᠯᠳᠠ ᠳᠤ ᠤᠷᠤᠭᠰᠡᠨ ᠪᠠᠶᠢᠨ᠎ᠠ᠃     ᠤᠷᠳᠤᠰ ᠤᠨ ᠮᠠᠰᠢᠨ ᠲᠡᠷᠬᠡᠨ ᠤ ᠠᠵᠤ ᠤᠶᠢᠯᠡᠰ ᠵᠦᠪᠬᠡᠨ ᠴᠢ ᠷᠦᠢ ᠪᠠᠷ ᠯᠠ ᠵᠤᠭᠰᠤᠬᠤ ᠦᠬᠡᠢ᠃    ᠤᠷᠳᠤᠰ ᠤᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠠᠩ᠂ ᠳ᠋ᠦᠩᠱᠧᠩ ᠲᠤᠭᠤᠷᠢᠭ ᠨᠢ ᠨᠡᠩ ᠰᠠᠭᠠᠳ ᠦᠬᠡᠢ ᠮᠦᠷᠳᠡᠬᠡᠨ ᠠᠮᠦᠷ ᠲᠦᠪᠰᠢᠨ ᠮᠠᠰᠢᠨ ᠲᠡᠷᠬᠡᠨ ᠤ ᠠᠵᠤ ᠤᠶᠢᠯᠡᠰ ᠤᠨ ᠬᠡᠯᠬᠢᠶ᠎ᠠ᠂ ᠬᠠᠩᠭᠠᠯᠭ᠎ᠠ ᠶᠢᠨ ᠬᠡᠯᠬᠢᠶ᠎ᠠ ᠶᠢ ᠪᠦᠷᠢᠯᠳᠦᠬᠦᠯᠬᠦ ᠪᠠᠷ ᠬᠦᠴᠦᠯᠡᠨ ᠴᠢᠷᠮᠠᠶᠢᠵᠤ᠂ ᠤᠷᠢᠳ ᠬᠤᠵᠢᠳ ᠴᠢ ᠷᠦᠢ᠂ ᠰᠢᠶᠠᠮᠧᠨ ᠶᠢᠨ ᠯᠦᠩ᠂ ᠳ᠋ᠦᠩ ᠹᠠᠩ ᠯᠢᠦ ᠴᠢ ᠵᠡᠷᠬᠡ 7 ᠲᠤᠯᠤᠭᠠᠶᠢᠯᠠᠭᠴᠢ ᠠᠵᠤ ᠠᠬᠤᠶᠢᠯᠠᠯ ᠢ ᠤᠷᠢᠵᠤ᠂ ᠡᠬᠦᠨ ᠳᠤ᠂ ᠯᠢᠦ ᠴᠢ ᠶᠢᠨ ᠵᠢᠯ ᠤᠨ 10000 ᠰᠠᠭᠤᠷᠢ ᠰᠢᠨ᠎ᠠ ᠡᠨᠧᠷᠬᠢ ᠶᠢᠨ ᠬᠦᠨᠳᠦ ᠠᠴᠢᠶᠠᠨ ᠤ ᠮᠠᠰᠢᠨ ᠤᠶᠢᠯᠡᠳᠪᠤᠷᠢᠯᠡᠬᠦ ᠲᠤᠬᠢᠷᠠᠭᠤᠯᠤᠨ ᠤᠭᠰᠠᠷᠠᠬᠤ ᠱᠤᠭᠤᠮ ᠨᠢᠬᠡᠨᠳᠠ ᠪᠠᠶᠢᠭᠤᠯᠤᠭᠳᠠᠵᠤ᠂ ᠰᠢᠶᠠᠮᠧᠨ ᠶᠢᠨ ᠯᠦᠩ ᠤᠨ ᠬᠦᠨᠳᠦ ᠠᠴᠢᠶᠠᠨ ᠤ ᠮᠠᠰᠢᠨ ᠲᠡᠷᠬᠡ ᠶᠢᠨ ᠶᠡᠷᠦᠩᠬᠡᠢ ᠬᠡᠯᠳᠡᠰ ᠤᠨ ᠰᠠᠭᠤᠷᠢᠨ ᠭᠠᠵᠡᠷ ᠤᠨ ᠲᠦᠷᠦᠯ ᠵᠤᠶᠢᠯ ᠨᠢᠬᠡᠨᠳᠠ ᠪᠦᠬᠦ ᠲᠠᠯ᠎ᠠ ᠪᠠᠷ ᠠᠵᠢᠯ ᠡᠬᠢᠯᠡᠵᠤ᠂ ᠵᠢᠱᠢᠯᠳᠠ ᠪᠠᠷ ᠵᠢᠯ ᠤᠨ ᠡᠴᠤᠰ ᠲᠤ ᠪᠠᠶᠢᠭᠤᠯᠵᠤ ᠲᠠᠭᠤᠰᠬᠠᠨ᠂ ᠵᠢᠯ ᠤᠨ 10000  ᠰᠠᠭᠤᠷᠢ ᠰᠢᠨ᠎ᠠ ᠡᠨᠧᠷᠬᠢ ᠶᠢᠨ ᠬᠦᠨᠳᠤ ᠠᠴᠢᠶᠠᠨ ᠤ ᠮᠠᠰᠢᠨ ᠢ ᠲᠤᠷᠰᠢᠨ ᠤᠶᠢᠯᠡᠳᠪᠤᠷᠢᠯᠡᠬᠦ ᠱᠤᠭᠤᠮ ᠢ ᠠᠰᠢᠭᠯᠠᠯᠳᠠ ᠳᠤ ᠤᠷᠤᠭᠤᠯᠬᠤ ᠪᠠᠷ ᠪᠠᠶᠢᠨ᠎ᠠ᠃      ᠠᠵᠢᠯ ᠲᠦᠷᠦᠯ ᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠤᠶᠢᠯᠡᠳᠤᠯ ᠢ ᠪᠠᠳᠠᠷᠠᠭᠤᠯᠬᠤ ᠪᠠᠷ ᠲᠠᠮᠵᠢᠨ᠂ ᠤᠷᠳᠤᠰ ᠤᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠠᠩ᠂ ᠳ᠋ᠦᠩᠱᠧᠩ ᠲᠤᠭᠤᠷᠢᠭ ᠨᠢ ᠢᠵᠢ ᠪᠦᠷᠢᠳᠦᠭᠰᠡᠨ ᠠᠵᠤ ᠠᠬᠤᠶᠢᠯᠠᠯ ᠢ 150 ᠭᠠᠷᠤᠢ ᠲᠠᠳᠠᠵᠤ᠂ ᠬᠦᠳᠡᠯᠬᠡᠭᠴᠢ ᠬᠦᠴᠦᠨ ᠤ ᠳ᠋ᠢᠶᠠᠨ ᡂᠢ᠂ ᠴᠠᠬᠢᠯᠭᠠᠨ ᠮᠠᠰᠢᠨ ᠴᠠᠬᠢᠯᠭᠠᠨ ᠡᠵᠡᠮᠰᠢᠯ᠂ ᠪᠤᠷᠤᠯᠠᠭᠤᠯᠭ᠎ᠠ ᠶᠢ ᠪᠠᠳᠤᠯᠠᠨ ᠬᠠᠮᠠᠭᠠᠯᠠᠬᠤ᠂ ᠲᠡᠬᠢᠨ ᠬᠤᠷᠢᠶᠠᠨ ᠠᠪᠴᠦ ᠠᠰᠢᠭᠯᠠᠬᠤ ᠵᠡᠷᠬᠡ ᠶᠢ ᠪᠠᠭᠳᠠᠭᠠᠭᠰᠡᠨ ᠮᠠᠰᠢᠨ ᠲᠡᠷᠬᠡᠨ ᠤ ᠠᠵᠤ ᠤᠶᠢᠯᠡᠰ ᠤᠨ ᠪᠦᠷᠢᠨ ᠪᠦᠳᠦᠨ ᠬᠡᠯᠬᠢᠶ᠎ᠠ ᠶᠢ ᠪᠠᠶᠢᠭᠤᠯᠵᠤ ᠪᠠᠶᠢᠨ᠎ᠠ᠃
640.jpg
     ᠡᠨᠡ ᠵᠢᠯ᠂ ᠤᠷᠳᠤᠰ ᠤᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠠᠩ᠂ ᠳ᠋ᠦᠩᠱᠧᠩ ᠲᠤᠭᠤᠷᠢᠭ ᠨᠢ ᠦᠪᠡᠷᠳᠡᠬᠡᠨ ᠵᠠᠰᠠᠬᠤ ᠤᠷᠤᠨ ᠪᠤᠯᠤᠨ ᠤᠷᠳᠤᠰ ᠬᠤᠳᠠ ᠶᠢᠨ ᠮᠠᠰᠢᠨ ᠲᠡᠷᠬᠡᠨ ᠤ ᠠᠵᠤ ᠤᠶᠢᠯᠡᠰ ᠢ ᠬᠦᠭᠵᠢᠬᠦᠯᠬᠦ ᠲᠦᠷᠦ ᠶᠢᠨ ᠪᠤᠳᠤᠯᠭ᠎ᠠ᠂ ᠤᠨᠴᠠᠭᠠᠶᠢᠯᠠᠨ ᠰᠢᠨ᠎ᠠ ᠡᠨᠧᠷᠬᠢ ᠶᠢᠨ ᠮᠠᠰᠢᠨ ᠲᠡᠷᠬᠡᠨ ᠤ ᠠᠵᠤ ᠤᠶᠢᠯᠡᠰ ᠢ ᠪᠤᠶᠢᠵᠢᠭᠤᠯᠬᠤ ᠬᠦᠴᠦᠯᠡᠴᠡ ᠪᠠᠨ ᠨᠡᠮᠡᠭᠳᠡᠬᠦᠯᠬᠦ ᠲᠤᠬᠠᠢ ᠨᠢᠬᠡ ᠪᠦᠯᠦᠭ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢᠨ ᠲᠠᠪᠠᠭᠤᠯᠢᠭ  ᠢ ᠠᠮᠵᠢᠵᠤ᠂ ᠭᠠᠵᠡᠷ ᠤᠷᠤᠨ ᠤ ᠮᠠᠰᠢᠨ ᠲᠡᠷᠬᠡᠨ ᠤ ᠠᠵᠤ ᠤᠶᠢᠯᠡᠰ ᠤᠨ ᠪᠦᠬᠦ ᠬᠡᠯᠬᠢᠶᠠᠵᠢᠯ ᠤᠨ ᠬᠦᠭᠵᠢᠯᠳᠠ ᠶᠢ ᠲᠦᠷᠬᠡᠳᠬᠡᠬᠦ ᠱᠠᠳᠤᠨ ᠳᠤ ᠤᠷᠤᠭᠰᠡᠨ ᠪᠠᠶᠢᠨ᠎ᠠ᠃     ᠠᠵᠤ ᠤᠶᠢᠯᠡᠰ ᠤᠨ ᠬᠡᠯᠬᠢᠶ᠎ᠠ ᠶᠢᠨ ᠲᠤᠭᠤᠷᠢᠨ ᠳᠤ ᠤᠶᠢᠯᠡᠴᠢᠯᠡᠬᠡᠨ ᠤ ᠬᠡᠯᠬᠢᠶ᠎ᠠ ᠶᠢ ᠪᠤᠢ ᠪᠤᠯᠭᠠᠨ᠂ ︽ᠮᠠᠰᠢᠨ ᠲᠡᠷᠬᠡᠨ ᠤ ᠰᠡᠯᠪᠢᠭ ᠲᠤᠨᠤᠭ ᠤᠨ ᠠᠵᠤ ᠤᠶᠢᠯᠡᠰ ᠤᠨ ᠬᠦᠷᠢᠶᠠᠯᠠᠩ︾᠂ ︽ᠮᠠᠰᠢᠨ ᠲᠡᠷᠬᠡᠨ ᠤ ᠦᠵᠡᠰᠬᠦᠯᠡᠩ ᠤᠨ ᠬᠦᠷᠢᠶᠠᠯᠠᠩ︾ ᠢ ᠪᠠᠶᠢᠷᠢᠰᠢᠭᠤᠯᠤᠨ ᠲᠡᠰ ᠲᠡᠪᠰᠢᠬᠦᠯᠬᠦ ᠪᠠᠷ ᠲᠠᠮᠵᠢᠨ᠂ ᠤᠷᠳᠤᠰ ᠤᠨ ᠲᠡᠬᠡᠳᠤ ᠰᠢᠨ᠎ᠠ ᠮᠡᠷᠬᠡᠵᠢᠯ  ᠤᠨ ᠬᠦᠷᠢᠶᠠᠯᠡᠩ᠂ ᠳ᠋ᠦᠩᠱᠧᠩ ᠲᠤᠭᠤᠷᠢᠭ ᠤᠨ ᠮᠠᠰᠢᠨ ᠲᠡᠷᠬᠡᠨ ᠤ ᠠᠵᠤ ᠠᠬᠤᠶᠢᠯᠠᠯ᠂ ᠮᠠᠰᠢᠨ ᠲᠡᠷᠬᠡᠨ ᠤ ᠰᠡᠯᠪᠢᠭ ᠲᠤᠨᠤᠭ ᠤᠨ ᠠᠵᠤ ᠠᠬᠤᠶᠢᠯᠠᠯ᠂ ᠪᠤᠷᠤᠯᠠᠭᠤᠯᠤᠭᠰᠡᠨ ᠤ ᠲᠠᠷᠠᠭᠠᠬᠢ ᠤᠶᠢᠯᠡᠴᠢᠯᠡᠬᠡᠨ ᠤ ᠠᠵᠤ ᠠᠬᠤᠶᠢᠯᠠᠯ ᠬᠢᠬᠡᠳ ᠰᠢᠨᠵᠢᠯᠡᠬᠦ ᠤᠬᠠᠭᠠᠨ ᠤ ᠰᠤᠳᠤᠯᠭᠠᠨ ᠤ ᠪᠤᠷᠤᠯᠠᠭᠤᠯᠤᠭᠰᠡᠨ ᠤ ᠲᠠᠷᠠᠭᠠᠬᠢ ᠤᠶᠢᠯᠡᠴᠢᠯᠡᠬᠡᠨ ᠤ ᠠᠵᠤ ᠠᠬᠤᠶᠢᠯᠠᠯ ᠬᠢᠬᠡᠳ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠦᠨᠳᠦᠷ ᠦᠷ᠎ᠠ ᠪᠦᠳᠦᠮᠵᠢᠳᠠᠢ ᠤᠨᠤᠪᠴᠢᠳᠠᠢ ᠵᠤᠯᠭᠠᠭᠤᠯᠬᠤ ᠶᠢ ᠪᠡᠶᠡᠯᠡᠬᠦᠯᠵᠤ᠂ ᠮᠠᠰᠢᠨ ᠲᠡᠷᠬᠡᠨ ᠤ ᠠᠵᠤ ᠤᠶᠢᠯᠡᠰ  ᠤᠨ ᠬᠡᠯᠬᠢᠶ᠎ᠠ ᠶᠢᠨ ᠲᠡᠬᠡᠳᠤ ᠲᠤᠤᠷᠠᠳᠤ ᠤᠷᠤᠰᠬᠠᠯ ᠤᠨ ᠬᠠᠩᠭᠠᠯᠭ᠎ᠠ ᠬᠡᠷᠡᠭᠴᠡᠭᠡ ᠶᠢ ᠵᠤᠯᠭᠠᠭᠤᠯᠬᠤ ᠲᠠᠪᠴᠠᠩ ᠢ ᠪᠠᠶᠢᠭᠤᠯᠵᠤ᠂ ᠦᠨᠡᠨ ᠪᠤᠳᠠᠳᠠᠢ ᠠᠷᠭ᠎ᠠ ᠬᠡᠮᠵᠢᠶ᠎ᠠ ᠪᠠ ᠬᠠᠯᠠᠭᠤᠨ ᠲᠤᠳᠤᠨᠤ ᠤᠶᠢᠯᠡᠴᠢᠯᠡᠭᠡ ᠪᠠᠷ ᠮᠠᠰᠢᠨ ᠲᠡᠷᠬᠡᠨ ᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠭᠵᠢᠯᠳᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠵᠤ᠂ ᠮᠠᠰᠢᠨ ᠲᠡᠷᠬᠡᠨ ᠤ ᠠᠵᠤ ᠤᠶᠢᠯᠡᠰ ᠤᠨ ᠪᠦᠬᠦ ᠠᠵᠤ ᠤᠶᠢᠯᠡᠰ ᠤᠨ ᠬᠡᠯᠬᠢᠶ᠎ᠠ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠪᠠ᠃     ᠤᠶᠢᠯᠠᠭᠠᠭᠰᠡᠨ ᠢᠶᠠᠷ᠂ ᠤᠷᠳᠤᠰ ᠤᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠠᠩ᠂ ᠳ᠋ᠦᠩᠱᠧᠩ ᠲᠤᠭᠤᠷᠢᠭ 2023 ᠤᠨ ᠳᠤ 7.9 ᠲᠦᠮᠡᠨ ᠮᠠᠰᠢᠨ ᠲᠡᠷᠬᠡ ᠤᠶᠢᠯᠡᠳᠪᠤᠷᠢᠯᠡᠨ᠂ ᠵᠢᠵᠢᠭᠯᠡᠨ  ᠬᠤᠳᠠᠯᠳᠤᠭᠰᠡᠨ ᠬᠡᠮᠵᠢᠶ᠎ᠠ 150 ᠳ᠋ᠦᠩᠰᠢᠭᠤᠷ ᠲᠦᠬᠦᠷᠢᠭ ᠢ ᠲᠠᠪᠠᠪᠠ᠃ ᠠᠳᠡᠬᠢ ᠨᠢ ᠲᠤᠮᠳᠠ ᠪᠠᠷᠠᠭᠤᠨ ᠬᠡᠰᠡᠭ ᠭᠠᠵᠡᠷ ᠤᠷᠤᠨ ᠤ ᠴᠢᠬᠤᠯᠠ ᠪᠦᠬᠦᠢ ᠮᠠᠰᠢᠨ ᠲᠡᠷᠬᠡᠨ ᠤ ᠠᠵᠤ ᠤᠶᠢᠯᠡᠰ ᠤᠨ ᠲᠦᠪᠯᠡᠷᠡᠯ ᠴᠡᠭ ᠪᠤᠯᠵᠤ᠂ ᠮᠠᠰᠢᠨ ᠲᠡᠷᠬᠡᠨ ᠤ ᠠᠵᠤ ᠤᠶᠢᠯᠡᠰ ᠨᠢ ᠲᠤᠯᠠᠭᠠᠨ ᠬᠤᠳᠠ ᠶᠢᠨ ︽ᠠᠵᠤ ᠤᠶᠢᠯᠡᠳᠪᠤᠷᠢ ᠶᠢᠨ ᠨᠡᠷ᠎ᠡ ᠶᠢᠨ ᠬᠠᠭᠤᠳᠠᠰᠤ︾ ᠪᠤᠯᠵᠤ ᠪᠠᠶᠢᠨ᠎ᠠ᠃     ᠰᠢᠨ᠎ᠠ ᠡᠬᠢᠯᠡᠯᠳᠠ ᠶᠢᠨ ᠴᠡᠭ ᠲᠡᠬᠡᠷ᠎ᠡ᠂ ᠤᠷᠳᠤᠰ ᠬᠤᠳᠠ ᠶᠢᠨ ᠲᠡᠬᠡᠳᠤ ᠰᠢᠨ᠎ᠠ ᠮᠡᠷᠬᠡᠵᠢᠯ ᠤᠨ ᠬᠦᠷᠢᠶᠠᠯᠠᠩ᠂ ᠳ᠋ᠦᠩᠱᠧᠩ ᠲᠤᠭᠤᠷᠢᠭ ᠨᠢ ᠮᠠᠰᠢᠨ ᠲᠡᠷᠬᠡᠨ ᠤ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠴᠢᠨᠠᠷ ᠰᠠᠶᠢᠳᠠᠢ ᠬᠦᠭᠵᠢᠯᠳᠠ ᠶᠢᠨ ᠵᠠᠩᠬᠢᠯᠠᠭ᠎ᠠ ᠶᠢᠨ ᠴᠠᠭ ᠲᠤᠬᠢᠶᠠᠯ ᠢ ᠦᠷᠬᠦᠯᠵᠢᠯᠡᠨ ᠠᠳᠬᠤᠵᠤ᠂ ᠰᠢᠨ᠎ᠠ ᠡᠨᠧᠷᠬᠢ᠂ ᠤᠶᠤᠨᠴᠢᠯᠠᠭᠰᠡᠨ ᠠᠵᠢᠯ ᠲᠦᠷᠦᠯ ᠤᠨ ᠬᠦᠭᠵᠢᠯᠳᠠ ᠶᠢᠨ ᠬᠠᠨᠳᠤᠰᠢ ᠶᠢ ᠰᠠᠯᠤᠯ ᠦᠬᠡᠢ ᠲᠠᠭᠠᠵᠤ᠂ ᠤᠷᠤᠨ ᠨᠤᠳᠤᠭ ᠤᠨ ᠮᠠᠰᠢᠨ ᠲᠡᠷᠬᠡᠨ ᠤ ᠠᠵᠤ ᠤᠶᠢᠯᠡᠰ ᠤᠨ ᠬᠡᠯᠬᠢᠶ᠎ᠠ ᠪᠠᠨ ᠴᠢᠩᠭᠠᠳᠬᠠᠨ ᠨᠦᠬᠦᠪᠦᠷᠢᠯᠡᠬᠦ᠂ ᠠᠵᠤ ᠤᠶᠢᠯᠡᠰ ᠤᠨ ᠬᠡᠯᠬᠢᠶ᠎ᠠ᠂ ᠰᠢᠨ᠎ᠠ ᠶᠢ ᠡᠬᠦᠳᠬᠦ ᠬᠡᠯᠬᠢᠶ᠎ᠠ᠂ ᠬᠠᠩᠭᠠᠯᠭ᠎ᠠ ᠶᠢᠨ ᠬᠡᠯᠬᠢᠶ᠎ᠠ᠂ ᠦᠷᠳᠡᠭ ᠤᠨ ᠬᠡᠯᠬᠢᠶ᠎ᠠ᠂ ᠤᠶᠢᠯᠡᠴᠢᠯᠡᠬᠡᠨ ᠤ ᠬᠡᠯᠬᠢᠶ᠎ᠠ ᠵᠡᠷᠬᠡ ᠲᠠᠪᠤᠨ ᠬᠡᠯᠬᠢᠶ᠎ᠠ ᠶᠢ ᠤᠶᠠᠯᠳᠤᠭᠤᠯᠤᠨ᠂ ᠰᠢᠨ᠎ᠠ ᠴᠢᠨᠠᠷ ᠪᠦᠬᠦᠢ ᠤᠶᠢᠯᠡᠳᠪᠤᠷᠢᠯᠠᠯ  ᠤᠨ ᠬᠦᠴᠦᠨ ᠢ ᠲᠦᠷᠬᠡᠳᠬᠡᠨ ᠪᠤᠶᠢᠵᠢᠭᠤᠯᠵᠤ᠂ ᠰᠢᠨ᠎ᠠ ᠡᠨᠧᠷᠬᠢ ᠶᠢᠨ ᠮᠠᠰᠢᠨ ᠲᠡᠷᠬᠡ᠂ ᠤᠶᠤᠨᠳᠤ ᠰᠦᠯᠵᠢᠶᠠᠨ ᠬᠤᠯᠪᠤᠭᠠᠯᠠᠯ ᠤᠨ ᠮᠠᠰᠢᠨ ᠲᠡᠷᠬᠡ ᠶᠢ ᠶᠡᠭᠡ ᠪᠠᠷ ᠬᠦᠭᠵᠢᠬᠦᠯᠵᠤ᠂ ᠤᠷᠤᠨ ᠨᠤᠳᠤᠭ ᠤᠨ ᠮᠠᠰᠢᠨ ᠲᠡᠷᠬᠡᠨ ᠤ ᠠᠵᠤ ᠤᠶᠢᠯᠡᠰ ᠤᠨ ᠬᠦᠭᠵᠢᠯᠳᠠ ᠶᠢᠨ ᠬᠡᠯᠪᠡᠷᠢ ᠪᠠᠨ ︽ᠪᠤᠬᠢᠷᠳᠤᠯ ᠦᠬᠡᠢ︾ ︽ᠰᠢᠨ᠎ᠠ︾ ᠲᠡᠶᠢᠰᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠠᠰᠤᠷᠠᠯᠳᠠ ᠦᠬᠡᠢ ᠠᠬᠢᠭᠤᠯᠵᠤ᠂ ᠤᠷᠳᠤᠰ ᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠠ ᠲᠦᠯᠦᠪ ᠪᠠᠶᠢᠳᠠᠯ ᠢ ᠲᠠᠰᠤᠷᠠᠯᠳᠠ ᠦᠬᠡᠢ ᠡᠬᠦᠳᠬᠦ ᠪᠤᠯᠤᠨ᠎ᠠ᠃
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ