ᠤᠷᠠᠨ ᠪᠦᠰᠡᠬᠦᠢ ᠶᠢᠨ ᠬᠠᠳᠬᠤᠮᠠᠯ ᠤᠨ ᠮᠥᠷᠥᠶᠢᠴᠡᠭᠡᠨ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 13  ᠤ ᠡᠳᠦᠷ᠂ 2024 ᠣᠨ ᠤ ᠳ᠋ᠦᠩᠱᠧᠩ ᠲᠣᠭᠤᠷᠢᠭ ᠤᠨ ︽ᠳ᠋ᠦᠩᠱᠧᠩ ᠲᠤᠭᠤᠷᠢᠭ ᠴᠢᠳᠠᠪᠤᠷᠢᠲᠠᠨ ᠢ ᠴᠤᠭᠯᠠᠭᠤᠯᠬᠤ︾ ᠢᠨᠵᠧᠨᠧᠷᠢᠩ ᠢ ᠠᠬᠢᠭᠤᠯᠬᠤ ᠵᠢᠴᠢ ᠡᠮᠡᠭᠲᠡᠶᠢᠴᠦᠳ ᠤᠨ ᠤᠷᠠᠨ ᠬᠠᠳᠬᠤᠮᠠᠯ ᠤᠨ ᠴᠢᠳᠠᠪᠤᠷᠢᠲᠠᠨ ᠤ ᠤᠷ᠎ᠠ ᠮᠡᠷᠭᠡᠵᠢᠯ ᠤᠨ ᠤᠷᠤᠯᠳᠤᠭᠠᠨ ᠳ᠋ᠦᠩᠱᠧᠩ ᠲᠣᠭᠤᠷᠢᠭ ᠤᠨ ᠨᠠᠮ ᠤᠨ ᠪᠠᠶᠢᠭᠤᠯᠤᠯᠲᠠ ᠬᠦᠴᠦ ᠪᠠᠨ ᠬᠠᠮᠲᠤᠳᠬᠠᠨ ᠬᠥᠳᠡᠭᠡ ᠠᠵᠤ ᠠᠬᠤᠢ ᠶᠢ ᠲᠤᠰᠠᠯᠠᠬᠤ ᠰᠠᠭᠤᠷᠢᠨ ᠭᠠᠵᠡᠷ ᠲᠤ ᠶᠠᠪᠤᠭᠳᠠᠪᠠ᠃
2.4.jpg
    ᠠᠵᠢᠯᠯᠠᠭ᠎ᠠ ᠶᠢᠨ ᠳᠤᠮᠳᠠ᠂ ᠪᠦᠰᠡᠬᠦᠶᠢᠴᠦᠳ ᠳᠤᠭᠤᠶᠢᠯᠠᠩ ᠬᠤᠪᠢᠶᠠᠨ ᠲᠠᠶᠢᠰᠠᠨ ᠳᠤ ᠭᠠᠷᠴᠤ ᠥᠪᠡᠷ ᠤᠨ ᠬᠠᠳᠬᠤᠮᠠᠯ ᠤᠨ ᠪᠦᠲᠦᠭᠡᠯ ᠢᠶᠠᠨ ᠳᠡᠯᠭᠡᠨ ᠦᠵᠡᠬᠦᠯᠵᠡᠢ᠃ ᠡᠨᠡ ᠬᠤᠭᠤᠴᠠᠭᠠᠨ ᠳᠤ ᠪᠠᠰᠠ ᠭᠤᠴᠣ ᠰᠠᠶᠢᠬᠠᠨ ᠬᠠᠳᠬᠤᠮᠠᠯ ᠤᠨ ᠤᠷᠠᠯᠢᠭ ᠤᠨ ᠲᠣᠭᠯᠠᠯᠲᠠ ᠵᠢᠴᠢ ᠤᠮᠠᠷᠠᠳᠤ ᠬᠢᠯᠢ ᠶᠢᠨ ᠨᠤᠤᠯᠤᠭᠤᠷ ᠤᠨ ᠬᠠᠳᠬᠤᠮᠠᠯ ᠤᠨ ᠭᠤᠣᠯ ᠰᠡᠳᠦᠪᠲᠦ ᠲᠣᠭᠯᠠᠯᠲᠠ ᠶᠢ ᠭᠠᠷᠭᠠᠵᠠᠢ᠃ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠤᠷᠤᠯᠳᠤᠭᠠᠨ ᠤ ᠡᠴᠦᠰ ᠲᠤ 18 ᠨᠡᠷᠡᠰ ᠰᠢᠯᠢᠳᠡᠭ ᠱᠠᠩᠨᠠᠯ᠂ 11 ᠨᠡᠷᠡᠰ ᠭᠤᠷᠪᠠᠳᠤᠭᠠᠷ ᠳᠡᠰ ᠤᠨ ᠱᠠᠩᠨᠠᠯ᠂ 6 ᠨᠡᠷᠡᠰ ᠬᠤᠶᠠᠳᠤᠭᠠᠷ ᠳᠡᠰ ᠤᠨ ᠱᠠᠩᠨᠠᠯ᠂ 3 ᠨᠡᠷᠡᠰ ᠨᠢᠭᠡᠳᠦᠭᠡᠷ ᠳᠡᠰ ᠤᠨ ᠱᠠᠩᠨᠠᠯ᠂ 1 ᠨᠡᠷᠡᠰ ᠣᠨᠴᠠ ᠳᠡᠰ ᠤᠨ ᠱᠠᠩᠨᠠᠯ  ᠢ ᠰᠢᠯᠭᠠᠷᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠢᠨ᠎ᠡ ᠪᠠᠷ ᠪᠠᠶᠢᠭᠤᠯᠤᠭᠳᠠᠭᠰᠠᠨ ᠬᠤᠶᠠᠷ ᠴᠢᠳᠠᠪᠤᠷᠢᠲᠠᠨ ᠤ ᠠᠵᠢᠯ ᠤᠨ ᠲᠠᠰᠤᠭ ᠲᠤ ᠫᠠᠶᠢᠰᠠ ᠣᠯᠭᠤᠪᠠ᠃
2.5.jpg
    ︽ᠬᠠᠳᠬᠤᠮᠠᠯᠴᠢᠨ ᠪᠣᠯᠤᠭᠰᠠᠨ ᠤ ᠬᠤᠪᠢ ᠳᠤ᠂ ᠡᠨᠡ ᠤᠳᠠᠭᠠᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠰᠠᠨ ᠪᠥᠭᠡᠳ ᠣᠨᠴᠠ ᠳᠡᠰ ᠤᠨ ᠱᠠᠩᠨᠠᠯ ᠣᠯᠣᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠂ ᠢᠷᠠᠭᠤ ᠠᠯᠳᠠᠷ ᠪᠣᠯ ᠵᠣᠷᠢᠭᠵᠢᠭᠤᠯᠤᠯ ᠮᠥᠨ᠂ ᠬᠤᠶᠢᠰᠢᠳᠠ ᠪᠢ ᠥᠪᠡᠷ ᠤᠨ ᠳᠤᠷᠠᠲᠠᠢ ᠡᠨᠡ ᠬᠦ ᠠᠵᠢᠯ ᠦᠢᠯᠡᠰ ᠢᠶᠠᠨ ᠦᠷᠭᠦᠯᠵᠢᠯᠡᠨ ᠪᠠᠷᠢᠮᠲᠠᠯᠠᠨ᠎ᠠ︾᠃                                     ᠤᠷᠤᠯᠳᠤᠭᠠᠨ ᠳᠤ ᠣᠷᠣᠯᠴᠠᠭᠰᠠᠳ ᠮᠧᠩ ᠷᠦᠢ ᠴᠦᠨ
2.6.jpg
     ︽ᠳᠠᠷᠠᠭᠠᠴᠢ ᠶᠢᠨ ᠠᠯᠬᠤᠮ ᠳᠤ᠂ ᠪᠢᠳᠡ ︿ᠴᠢᠳᠠᠪᠤᠷᠢᠲᠠᠨ ᠢᠶᠠᠷ ᠠᠵᠤ ᠠᠬᠤᠶᠢᠯᠠᠯ ᠢᠶᠠᠨ ᠬᠦᠴᠦᠷᠬᠡᠭᠵᠢᠭᠦᠯᠬᠦ﹀ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠳ᠋ᠦᠩᠱᠧᠩ ᠲᠣᠭᠤᠷᠢᠭ ᠲᠤ 30 ᠴᠢᠳᠠᠪᠤᠷᠢᠲᠠᠨ ᠤ ᠠᠵᠢᠯᠯᠠᠬᠤ ᠲᠠᠰᠤᠭ ᠪᠠ ᠬᠠᠳᠬᠤᠮᠠᠯ ᠤᠨ ᠠᠵᠢᠯᠯᠠᠬᠤ ᠭᠠᠵᠠᠷ ᠢ ᠪᠠᠶᠢᠭᠤᠯᠤᠨ᠂ 50 ᠨᠡᠷᠡᠰ ᠲᠡᠷᠢᠭᠦᠨ ᠤ ᠬᠠᠳᠬᠤᠮᠠᠯ ᠤᠨ ᠮᠡᠷᠭᠡᠵᠢᠯ ᠤᠨ ᠶᠡᠭᠡ ᠪᠠᠭᠰᠢ ᠶᠢ ᠬᠥᠮᠥᠵᠢᠭᠦᠯᠵᠦ᠂ ᠡᠯ᠎ᠡ ᠠᠵᠢᠯᠯᠠᠬᠤ ᠳᠠᠰᠤᠭ ᠲᠤ ᠬᠦᠷᠴᠦ ᠬᠠᠷᠢᠶ᠎ᠠ ᠭᠠᠵᠡᠷ ᠤᠨ ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠶᠢ ᠵᠢᠯᠤᠭᠤᠳᠴᠤ᠂ ︿ᠳᠤᠮᠳᠠᠳᠤ ᠤᠯᠤᠰ ᠤᠨ ᠨᠤᠤᠯᠤᠭᠤᠷ ᠤᠨ ᠬᠤᠳᠠ᠂ ᠬᠠᠳᠬᠤᠮᠠᠯ ᠤᠨ ᠲᠣᠰᠬᠤᠨ﹀ ᠤ ᠨᠡᠷᠡᠳᠦ ᠲᠡᠮᠳᠡᠭ ᠢ ᠪᠦᠬᠦ ᠲᠠᠯ᠎ᠠ ᠪᠠᠷ ᠮᠠᠨᠳᠤᠭᠤᠯᠤᠨ᠎ᠠ︾᠃       ᠣᠷᠳᠣᠰ ᠤᠨ ᠺᠧ ᠡᠯ ᠴᠢ ᠢᠮᠠᠭᠠᠨ ᠨᠤᠤᠯᠤᠭᠤᠷ ᠤᠨ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠠᠢ ᠶᠦᠨ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ