ᠳ᠋ᠦᠩᠱᠧᠩ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠬᠤᠷᠠᠯ ᠢ ᠡᠷᠬᠢᠯᠡᠪᠡ᠃     ᠬᠤᠷᠠᠯ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠤᠨ ᠠᠬᠢᠭᠤᠯᠵᠤ ᠨᠠᠶᠢᠳᠠᠪᠤᠷᠢᠵᠢᠭᠤᠯᠪᠠ᠃     ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠭᠠᠵᠠᠷ ᠣᠷᠣᠨ ᠤ ᠠᠵᠤ ᠠᠬᠤᠢ ᠶᠢᠨ ᠵᠥᠭᠡᠯᠡᠨ ᠪᠣᠳᠠᠲᠤ ᠬᠦᠴᠦᠨ ᠪᠣᠯᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠤ ᠲᠥᠪᠯᠡᠷᠡᠩᠭᠦᠢ ᠢᠯᠡᠷᠡᠯ ᠪᠣᠯᠤᠨ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠬᠦᠨᠵᠡᠭᠡᠶᠢᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠢᠨ᠎ᠡ ᠳᠦᠷᠰᠦ ᠪᠠᠶᠢᠳᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠦᠷ᠎ᠡ ᠪᠦᠳᠦᠮᠵᠢ ᠳᠤ ᠵᠥᠪ ᠢᠶᠠᠷ ᠬᠠᠨᠳᠤᠵᠤ᠂ ᠠᠰᠠᠭᠤᠳᠠᠯ ᠲᠠᠢ ᠠᠰ ᠲᠤᠯᠤᠨ᠂ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠵᠦᠷᠢᠶ᠎ᠡ ᠪᠠᠨ ᠣᠨᠣᠪᠴᠢᠲᠠᠢ ᠡᠷᠢᠨ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠨ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠲᠠᠰᠤᠷᠠᠯᠲᠠ ᠦᠭᠡᠢ ᠰᠢᠯᠢᠳᠡᠭᠵᠢᠬᠦᠯᠦᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠣᠨᠣᠪᠴᠢᠲᠤ ᠬᠡᠮᠵᠢᠶ᠎ᠡ᠂ ᠴᠠᠭ ᠪᠠ ᠦᠷ᠎ᠡ ᠪᠦᠲᠦᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠠᠵᠤ ᠠᠬᠤᠶᠢᠯᠠᠯ ᠤᠨ ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠬᠦᠩᠭᠡᠷᠡᠬᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ︽ᠨᠢᠭᠡ ᠬᠥᠯᠭᠡ ᠰᠢᠳᠠᠷ᠎ᠠ︾  ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠦᠨᠡᠨ ᠪᠣᠳᠠᠲᠠᠢ ᠦᠷ᠎ᠡ ᠪᠦᠲᠦᠮᠵᠢ ᠪᠣᠯᠤᠨ ᠬᠤᠪᠢᠷᠠᠯᠲᠠ ᠶᠢ ᠦᠨᠡᠨ ᠬᠦ ᠮᠡᠳᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠬᠦ ᠶᠠᠪᠤᠳᠠᠯ ᠢ ᠳ᠋ᠦᠩᠱᠧᠩ ᠤᠨ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠳᠡᠭᠡᠷ᠎ᠡ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢᠨ ᠳᠤᠪᠴᠢᠶ᠎ᠠ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠰᠠᠨᠠᠯ ᠢᠶᠠᠨ ᠰᠤᠯᠢᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ