ᠳ᠋ᠦᠩᠱᠧᠩ ᠲᠣᠭᠤᠷᠢᠭ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳ᠋ᠦᠩᠱᠧᠩ ᠲᠣᠭᠤᠷᠢᠭ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠭ ᠤᠨ ᠵᠠᠰᠠᠭ ᠤᠨ ᠣᠷᠳᠣᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠡ ᠰᠠᠨᠠᠯ ᠢᠶᠠᠨ ᠰᠤᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠬᠤᠷᠠᠯ ᠢ ᠡᠷᠬᠢᠯᠡᠪᠡ᠃     ᠬᠠᠨ ᠲᠣᠣ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠰᠢᠨ᠎ᠡ ᠪᠠᠶᠢᠳᠠᠯ ᠤᠨ ᠳᠣᠤᠷ᠎ᠠ ᠡᠮᠡᠭᠲᠡᠶᠢᠴᠦᠳ ᠬᠡᠤᠬᠡᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠮᠡᠭᠲᠡᠶᠢᠴᠦᠳ ᠬᠡᠤᠬᠡᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠮᠡᠭᠲᠡᠶᠢᠴᠦᠳ ᠬᠡᠤᠬᠡᠳ ᠤᠨ ᠪᠥᠬᠦ ᠲᠠᠯ᠎ᠠ ᠶᠢᠨ ᠬᠥᠭᠵᠢᠯᠲᠡ ᠬᠢᠭᠡᠳ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠮᠡᠭᠲᠡᠶᠢᠴᠦᠳ ᠤᠨ ᠠᠵᠢᠯ ᠣᠯᠵᠤ ᠦᠢᠯᠡᠰ ᠪᠤᠰᠬᠠᠬᠤ ᠶᠢ ᠪᠦᠬᠦ ᠬᠦᠴᠦᠨ ᠢᠶᠠᠷ ᠳᠡᠮᠵᠢᠵᠦ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠤᠯᠠᠮ ᠴᠢᠨᠠᠭᠰᠢᠳᠠ ᠰᠢᠯᠢᠳᠡᠭᠵᠢᠬᠦᠯᠦᠨ᠂ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠳᠤ ᠣᠷᠴᠢᠨ ᠨᠦᠬᠦᠴᠡᠯ ᠢ ᠪᠤᠢ ᠪᠣᠯᠭᠠᠵᠤ᠂ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠨᠡᠶᠢᠭᠡᠮ ᠤᠨ ᠲᠦᠷᠦ ᠶᠢᠨ ᠪᠤᠳᠤᠯᠭ᠎ᠠ᠂ ᠤᠯᠠᠨ ᠨᠡᠶᠢᠲᠡ ᠶᠢᠨ ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ᠂ ᠬᠥᠭᠵᠢᠯᠲᠡ ᠶᠢᠨ ᠣᠷᠴᠢᠨ ᠨᠦᠬᠦᠴᠡᠯ᠂ ᠦᠰᠦᠨ ᠪᠤᠶᠢᠵᠢᠯᠲᠠ ᠶᠢᠨ ᠣᠷᠣᠨ ᠵᠠᠢ ᠶᠢᠨ ︽ᠲᠠᠪᠤᠨ ᠲᠤᠳᠤᠨᠤᠰᠤᠭ ᠪᠠᠶᠢᠬᠤ︾ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠬᠡᠦᠬᠡᠳ ᠲᠤ ᠲᠤᠳᠤᠨᠤᠰᠤᠭ ᠲᠦᠷᠦᠯ ᠵᠦᠢᠯ ᠢ ᠦᠷᠭᠦᠯᠵᠢᠯᠡᠨ ᠠᠭᠤᠳᠠᠯᠵᠤ᠂ ᠬᠡᠦᠬᠡᠳ ᠲᠤ ᠲᠤᠳᠤᠨᠤᠰᠤᠭ ᠤᠢᠢᠯᠠᠭᠠᠭᠳᠠᠬᠤᠨ᠂ ᠠᠵᠢᠯᠯᠠᠭ᠎ᠠ ᠶᠢ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠦᠨᠡᠨ ᠬᠦ ᠠᠭᠤᠰᠤᠯᠴᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠭᠦᠢᠴᠡᠳ ᠨᠢᠭᠲᠠᠷᠠᠭᠤᠯᠵᠤ᠂ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠤᠬᠢᠴᠠᠭᠤᠯᠤᠨ᠂ ᠤᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠣᠷᠣᠯᠴᠠᠭᠰᠠᠨ ᠡᠮᠡᠭᠲᠡᠶᠢᠴᠦᠳ ᠬᠡᠦᠬᠡᠳ ᠤᠨ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠨᠢᠭᠳᠠᠷᠠᠭᠤᠯᠤᠨ᠂ ᠳ᠋ᠦᠩᠱᠧᠩ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠪᠣᠯᠤᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠦᠭᠵᠢᠬᠦ᠂ ᠵᠡᠷᠭᠡ ᠪᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ