ᠳ᠋ᠦᠩᠱᠧᠩ ᠲᠣᠭᠤᠷᠢᠭ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/20
     6 ᠰᠠᠷ᠎ᠠ ᠶᠢᠨ 19 ᠤ ᠡᠳᠤᠷ᠂ ᠳ᠋ᠦᠡᠭᠱᠧᠩ ᠲᠤᠭᠤᠷᠢᠭ ᠤᠳᠤᠷᠢᠳᠬᠤ ᠺᠠᠳ᠋ᠷ ᠤᠨ ᠰᠡᠷᠡᠮᠵᠢᠯᠡᠬᠦᠯᠬᠦ ᠬᠦᠮᠤᠵᠢᠯ ᠤᠨ ᠬᠤᠷᠠᠯ ᠬᠤᠷᠠᠯᠳᠤᠭᠤᠯᠵᠤ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠬᠤᠷᠠᠯ ᠢ ᠡᠷᠬᠢᠯᠡᠭᠰᠡᠨ ᠪᠦᠬᠡᠳ ᠨᠠᠮ ᠤᠨ ᠰᠠᠭᠢᠯᠭ᠎ᠠ ᠪᠠᠳᠤ ᠶᠢᠨ  ᠬᠢᠴᠢᠶᠠᠯ ᠤᠷᠤᠪᠠ᠃ ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠪᠥᠬᠦ ᠣᠷᠣᠨ᠂ ᠪᠥᠬᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠨᠢᠶᠧ ᠵᠢᠶᠦ᠋ᠨ ᠳ᠋ᠦᠩᠱᠧᠩ ᠲᠣᠭᠤᠷᠢᠭ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     ᠭᠤᠤ ᠢ ᠳ᠋ᠦᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠰᠤᠷᠤᠯᠴᠠᠬᠤ᠂ ᠰᠠᠬᠢᠯᠭ᠎ᠠ ᠪᠠᠲᠤ ᠶᠢ ᠣᠨᠣᠪᠴᠢᠲᠠᠢ ᠣᠶᠢᠯᠠᠭᠠᠬᠤ᠂ ᠰᠠᠬᠢᠯᠭ᠎ᠠ ᠪᠠᠲᠤ ᠶᠢ ᠭᠦᠨᠵᠡᠭᠡᠢ ᠮᠡᠳᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠡᠭᠡᠷ᠎ᠡ ᠬᠦᠴᠦ ᠲᠠᠯᠪᠢᠵᠤ᠂ ᠨᠠᠮᠴᠢ ᠴᠢᠨᠠᠷ ᠢᠶᠠᠨ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠰᠤᠷᠲᠠᠯ ᠢ ᠳᠠᠪᠲᠠᠨ ᠪᠣᠯᠪᠠᠰᠤᠷᠠᠭᠤᠯᠬᠤ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠤᠨ᠂ ᠳᠠᠳᠬᠠᠯ ᠪᠣᠯᠭᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠢᠮᠠᠭᠲᠠ ᠪᠠᠷᠢᠮᠲᠠᠯᠠᠵᠤ᠂ ᠨᠠᠮ ᠤᠨ ︽ᠵᠢᠷᠭᠤᠭᠠᠨ ᠲᠠᠯ᠎ᠠ ᠶᠢᠨ ᠰᠠᠬᠢᠯᠭ᠎ᠠ ᠪᠠᠲᠤ︾ ᠶᠢ ᠭᠤᠶᠢᠪᠢᠰᠢ ᠦᠭᠡᠢ ᠬᠡᠷᠡᠭᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠬᠦᠨᠳᠦᠳᠬᠡᠭᠴᠢ᠂ ᠡᠷᠡᠰ ᠬᠡᠷᠡᠭᠵᠢᠭᠦᠯᠦᠭᠴᠢ᠂ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ᠃ ᠪᠣᠳᠠᠲᠠᠶ ᠱᠠᠭᠠᠷᠳᠠᠯᠭ᠎ᠠ ᠶᠢ ᠢᠮᠠᠭᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠤᠤᠱᠯᠠᠭᠤᠯᠤᠨ ᠬᠡᠷᠡᠭᠵᠢᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠬᠦᠯᠦᠨ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠠ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃     ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ