ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2024/6/20
     6 ᠰᠠᠷ᠎ᠠ ᠶᠢᠨ 19 ᠤ ᠡᠳᠤᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ 96 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠳ᠋ᠦᠡᠭᠱᠸᠡᠭ ᠲᠤᠭᠤᠷᠢᠭ ᠤᠨ ᠤᠯᠠᠨ ᠲᠦᠮᠡᠨ ᠤ ᠲᠡᠷᠭᠡᠳᠡᠬᠢ ᠲᠦᠪ ᠪᠤᠰᠤ ᠰᠤᠷᠳᠠᠯ ᠪᠠ ᠢᠯᠵᠠᠷᠠᠯ ᠤᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠯᠭᠠᠨ ᠬᠢᠨᠠᠬᠤ ᠠᠵᠢᠯ ᠤᠨ ᠲᠤᠬᠠᠢ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠨᠠᠷᠢᠨ ᠬᠢᠨᠠᠮᠠᠭᠠᠢ ᠪᠠᠷ ᠦᠪᠡᠷ ᠤᠨ ᠪᠠᠶᠢᠴᠠᠭᠠᠯᠳᠠ ᠬᠢᠵᠤ᠂ ᠬᠠᠷᠠᠯᠲᠠ ᠲᠠᠢ ᠪᠠᠷ ᠬᠦᠴᠦᠯᠡᠨ᠂ ᠵᠦᠪ ᠪᠤᠰᠤ ᠰᠢᠯᠭᠠᠨ ᠬᠢᠨᠠᠬᠤ ᠬᠡᠯᠪᠡᠷᠢᠯ ᠢ ᠪᠦᠲᠦᠮᠵᠢᠲᠡᠢ ᠵᠠᠯᠠᠷᠠᠭᠤᠯᠤᠨ ᠵᠠᠰᠠᠬᠤ ᠬᠡᠷᠡᠭᠲᠡᠢ᠃ ᠵᠠᠩᠭᠢᠯᠠᠭ᠎ᠠ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠷᠤᠭᠰᠢ ᠬᠢ ᠪᠠᠶᠢᠴᠠᠭᠠᠯᠲᠠ ᠪᠤᠶᠤ ᠬᠤᠷᠠᠯ ᠤᠨ ᠤᠳᠠᠭ᠎ᠠ ᠶᠢ ᠴᠢᠩᠭ᠎ᠠ ᠬᠢᠵᠠᠭᠠᠷᠯᠠᠨ᠂ ᠬᠠᠮᠲᠤᠷᠠᠨ ᠰᠢᠯᠭᠠᠨ ᠦᠨᠡᠯᠡᠬᠦ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠬᠠᠮᠲᠤᠷᠠᠨ ᠬᠢᠨᠠᠬᠤ ᠳᠦᠷᠢᠮ ᠵᠡᠷᠭᠡ ᠠᠵᠢᠯ ᠤᠨ ᠠᠷᠭ᠎ᠠ ᠶᠢ ᠠᠪᠴᠤ᠂ ᠰᠢᠯᠭᠠᠨ ᠬᠢᠨᠠᠬᠤ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠂ ᠺᠠᠳ᠋ᠷ ᠤᠨ ᠳᠠᠷᠤᠭᠠᠰᠤ ᠶᠢ ᠬᠥᠩᠭᠡᠷᠡᠭᠦᠯᠵᠦ᠂ ᠰᠢᠯᠭᠠᠨ ᠬᠢᠨᠠᠬᠤ ᠠᠵᠢᠯ ᠤᠨ ᠪᠣᠳᠠᠲᠠᠢ ᠮᠦᠷᠳᠡᠭᠡᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠢᠯᠭᠠᠨ ᠬᠢᠨᠠᠬᠤ ᠬᠠᠮᠢᠶ᠎ᠠ ᠪᠥᠬᠦᠶ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠤᠨ ᠴᠣᠮᠬᠠᠳᠬᠠᠵᠤ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠰᠢᠯᠭᠠᠨ ᠬᠢᠨᠠᠬᠤ ᠠᠭᠤᠯᠭ᠎ᠠ ᠶᠢ ᠲᠣᠭᠲᠠᠭᠠᠵᠤ᠂ ᠰᠢᠯᠭᠠᠨ ᠬᠢᠨᠠᠬᠤ ᠲᠣᠭᠲᠠᠴᠠ ᠶᠢ ᠰᠢᠯᠤᠭᠤᠳᠬᠠᠨ᠂ ᠨᠠᠷᠢᠯᠢᠭ ᠣᠨᠣᠴᠠᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ ᠰᠢᠯᠭᠠᠨ ᠬᠢᠨᠠᠬᠤ ᠵᠦᠭᠯᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠦᠪ ᠪᠤᠰᠤ ᠰᠢᠯᠭᠠᠨ ᠬᠢᠨᠠᠬᠤ ᠶᠢ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠦᠪ ᠪᠤᠰᠤ ᠰᠢᠯᠭᠠᠨ ᠬᠢᠨᠠᠬᠤ ᠬᠠᠨᠳᠤᠰᠢ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠳᠤᠷ᠎ᠠ ᠪᠠᠷ ᠰᠢᠯᠭᠠᠨ ᠬᠢᠨᠠᠬᠤ ᠬᠡᠪᠴᠢᠶ᠎ᠡ ᠶᠢ ᠥᠷᠭᠡᠳᠬᠡᠬᠦ᠂ ᠳᠤᠷ᠎ᠠ ᠪᠠᠷ ᠲᠤᠬᠠᠶ ᠶᠢᠨ ᠭᠠᠵᠠᠷ ᠤᠨ ᠰᠢᠯᠭᠠᠨ ᠬᠢᠨᠠᠯᠳᠠ ᠥᠷᠨᠢᠭᠦᠯᠬᠦ ᠵᠢᠴᠢ ᠰᠢᠯᠭᠠᠨ ᠬᠢᠨᠠᠬᠤ ᠲᠥᠰᠦᠯ ᠢ ᠳᠠᠷᠤᠮᠠᠯᠯᠠᠨ ᠲᠠᠷᠬᠠᠭᠠᠵᠤ ᠰᠢᠯᠭᠠᠨ ᠬᠢᠨᠠᠬᠤ ᠠᠵᠢᠯ ᠢ ᠥᠷᠨᠢᠭᠦᠯᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠠᠯᠠᠷᠠᠭᠤᠯᠤᠨ ᠵᠠᠰᠠᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠢᠨᠠᠯᠲᠠ ᠲᠠᠯᠪᠢᠵᠤ ᠬᠠᠤᠯᠢ ᠴᠠᠭᠠᠵᠠ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠤᠨ ᠴᠡᠭᠴᠡᠯᠡᠨ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠲᠤᠰᠬᠠᠯ ᠶᠡᠬᠡᠳᠠᠢ ᠲᠤᠪᠤᠶᠢᠮ᠎ᠠ ᠠᠰᠠᠭᠤᠳᠠᠯ ᠪᠣᠯᠤᠨ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠬᠦᠯᠦᠨ᠂ ᠬᠢᠨᠠᠯᠲᠠ ᠲᠠᠯᠪᠢᠬᠤ᠂ ᠬᠡᠷᠡᠭ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠵᠠᠰᠠᠯᠳᠠ ᠬᠢᠬᠦ ᠶᠢ ᠨᠡᠪᠲᠡᠷᠡᠭᠦᠯᠵᠦ᠂ ᠨᠢᠭᠡ ᠬᠡᠷᠡᠭ ᠪᠠᠷ ᠨᠢᠭᠡ ᠤᠷᠤᠨ ᠪᠦᠰᠡ ᠶᠢ ᠰᠡᠷᠡᠮᠵᠢᠯᠡᠬᠦᠯᠦᠨ ᠵᠠᠰᠠᠵᠤ ᠶᠡᠷᠦᠩᠬᠡᠶᠢᠯᠡᠭᠰᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ