ᠦᠷᠯᠦᠬᠡᠨ ᠤ ᠬᠤᠭᠤᠯᠠ ᠪᠠᠨ 7— 8 ᠴᠠᠭ ᠤᠨ ᠬᠤᠭᠤᠷᠤᠨᠳᠤ ᠢᠳᠡᠬᠡᠷᠡᠢ | ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠤ ᠱᠧᠩ ᠵᠢᠩ ᠡᠮᠨᠡᠯᠬᠡ | ᠶᠢᠨ ᠬᠤᠷᠢᠶᠠᠨ ᠤ ᠰᠤᠳᠤᠯᠬᠤ ᠪᠦᠯᠬᠦᠮ ᠤᠨ ᠬᠢᠨ ᠤ ᠰᠤᠳᠤᠯᠤᠨ ᠢᠯᠡᠷᠡᠬᠦᠯᠦᠭᠰᠡᠨ ᠢᠶᠠᠷ᠂ ᠦᠷᠯᠦᠬᠡᠨ ᠤ ᠬᠤᠭᠤᠯᠠ | ᠢᠳᠡᠳᠡᠭ ᠬᠦᠮᠦᠰ ᠲᠠᠢ ᠬᠠᠷᠢᠴᠠᠭᠤᠯᠪᠠᠯ᠂ ᠦᠷᠯᠦᠬᠡᠨ ᠤ ᠬᠤᠭᠤᠯᠠ ᠢᠳᠡᠳᠡᠭ ᠦᠬᠡᠢ ᠬᠦᠮᠦᠰ ᠤᠨ ᠵᠢᠷᠦᠬᠡ | ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠨᠢ 22% ᠢᠶᠠᠷ ᠦᠨᠳᠤᠷ ᠪᠠᠶᠢᠳᠠᠭ᠃ | ᠡᠶᠢᠮᠤ ᠠᠴᠠ ᠦᠷᠯᠦᠬᠡᠨ ᠤ ᠬᠤᠭᠤᠯᠠ ᠢᠳᠡᠬᠦ ᠨᠢ ᠡᠷᠡᠬᠦᠯ ᠮᠡᠨᠳᠤ ᠳᠤ ᠠᠰᠢᠭᠳᠠᠢ᠃ | | ᠰᠤᠳᠤᠯᠭᠠᠨ ᠤ ᠦᠷ᠎ᠡ ᠳ᠋ᠦᠩ᠄ | 8 ᠴᠠᠭ ᠠᠴᠠ ᠡᠮᠤᠨ᠎ᠡ ᠦᠷᠯᠦᠬᠡᠨ ᠤ ᠬᠤᠭᠤᠯᠠ ᠪᠠᠨ ᠢᠳᠡᠳᠡᠭ ᠬᠦᠮᠦᠰ ᠲᠠᠢ ᠬᠠᠷᠢᠴᠠᠭᠤᠯᠪᠠᠯ᠂ 9 ᠴᠠᠭ | ᠠᠴᠠ ᠬᠤᠶᠢᠰᠢ ᠦᠷᠯᠦᠬᠡᠨ ᠤ ᠬᠤᠭᠤᠯᠠ ᠪᠠᠨ ᠢᠳᠡᠳᠡᠭ ᠬᠦᠮᠦᠰ ᠤᠨ Ⅱ ᠬᠡᠯᠪᠡᠷᠢ ᠶᠢᠨ ᠰᠢᠬᠢᠷ ᠰᠢᠵᠢᠩ | ᠡᠪᠡᠳᠴᠢᠨ ᠳᠤ ᠨᠡᠷᠪᠡᠭᠳᠡᠬᠦ ᠲᠦᠭᠰᠢᠬᠦᠷᠢ ᠨᠢ 59% ᠪᠠᠷ ᠨᠡᠮᠡᠭᠳᠡᠳᠡᠭ᠃ | ᠦᠷᠯᠦᠬᠡᠨ ᠤ ᠬᠤᠭᠤᠯᠠ ᠪᠠᠨ ᠬᠡᠳᠤᠨ ᠴᠠᠭ ᠲᠤ ᠢᠳᠡᠪᠡᠯ ᠵᠤᠬᠢᠬᠤ ᠪᠤᠢ︖ | ᠦᠷᠯᠦᠬᠡᠨ ᠤ ᠬᠤᠭᠤᠯᠠ ᠢᠳᠡᠬᠦ ᠬᠠᠮᠤᠭ ᠤᠨ ᠳᠤᠬᠢᠷᠠᠮᠵᠢᠳᠡᠢ ᠴᠠᠭ ᠄ 7 ~ 8 ᠴᠠᠭ |