1 — 5 ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠳᠡᠭᠡᠭᠰᠢᠯᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠥᠨᠳᠥᠷ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/6/21
    1  — 5 ᠰᠠᠷ᠎ᠠ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 ᠰᠠᠷ᠎ᠠ ᠶᠢᠨ ᠬᠢ ᠠᠴᠠ 2.9 ᠵᠠᠭᠤᠨ ᠤ ᠬᠤᠪᠢ ᠳᠡᠭᠡᠭᠰᠢᠯᠡᠵᠦ᠂ ᠪᠦᠬᠦ ᠤᠯᠤᠰ ᠤᠨ  ᠬᠢ ᠠᠴᠠ 30.2 ᠵᠠᠭᠤᠨ ᠤ ᠬᠤᠪᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 18.6 ᠵᠠᠭᠤᠨ ᠤ ᠬᠤᠪᠢ ᠥᠨᠳᠥᠷ ᠪᠣᠯᠵᠤ᠂ ᠪᠦᠬᠦ ᠬᠤᠲᠠ ᠶᠢᠨ ᠬᠢ ᠠᠴᠠ 6.9 ᠵᠠᠭᠤᠨ ᠤ ᠬᠤᠪᠢ ᠥᠨᠳᠥᠷ ᠪᠣᠯᠪᠠ᠃     ᠬᠦᠷᠢᠶ᠎ᠡ ᠴᠠᠷᠠᠭ᠎ᠠ ᠪᠠᠷ ᠬᠤᠪᠢᠶᠠᠪᠠᠯ᠂ ᠤᠶᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 229.8% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 57.8 ᠵᠠᠭᠤᠨ ᠤ ᠬᠤᠪᠢ ᠳᠠᠶᠢᠴᠢᠯᠠᠪᠠ᠃ ᠡᠭᠦᠨ ᠳᠤ ᠴᠠᠬᠢᠯᠭᠠᠨ ᠮᠠᠰᠢᠨ ᠪᠠ ᠪᠠᠭᠠᠵᠢ ᠬᠡᠷᠡᠭᠰᠡᠯ ᠤᠶᠢᠯᠡᠳᠬᠦ ᠤᠶᠢᠯᠡᠰ ᠠᠳᠠᠯᠢ ᠬᠤᠭᠤᠴᠠᠭᠠᠨ ᠤ ᠬᠢ ᠠᠴᠠ 1081 ᠳᠠᠬᠢᠨ ᠨᠡᠮᠡᠭᠳᠡᠪᠡ︔ ᠴᠢᠮᠡᠭᠡ ᠬᠤᠯᠪᠣᠭ᠎ᠠ ᠪᠠ ᠪᠤᠰᠤᠳ ᠡᠯᠧᠺᠲᠷᠦᠨ ᠲᠥᠬᠦᠭᠡᠷᠦᠮᠵᠢ ᠤᠶᠢᠯᠡᠳᠬᠦ ᠤᠶᠢᠯᠡᠰ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 0.3 ᠵᠠᠭᠤᠨ ᠤ ᠬᠤᠪᠢ ᠲᠠᠶᠢᠴᠢᠯᠠᠵᠠᠢ᠃     ᠴᠢᠬᠤᠯᠠ ᠶᠡᠭᠡ ᠲᠥᠷᠥᠯ ᠵᠦᠢᠯ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ ᠤᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ︔ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ ᠤᠨ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 308.2% ᠢᠶᠠᠷ ᠨᠡᠮᠡᠭᠳᠡᠪᠡ᠃     ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠳᠦᠷᠭᠡᠨ ᠨᠡᠮᠡᠭᠳᠡᠪᠡ᠃ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠲᠠᠯᠠᠪᠠᠶ ᠨᠢ 26.25 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 81.8% ᠪᠠᠷ ᠨᠡᠮᠡᠭᠳᠡᠵᠦ᠂ 1 — 4 ᠰᠠᠷ᠎ᠠ ᠶᠢᠨ ᠬᠢ ᠠᠴᠠ 9.6 ᠵᠠᠭᠤᠨ  ᠤ ᠬᠤᠪᠢ ᠳᠡᠭᠡᠭᠰᠢᠯᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 18.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84% ᠪᠠᠷ ᠨᠡᠮᠡᠭᠳᠡᠨ᠂ 1 — 4 ᠰᠠᠷ᠎ᠠ ᠶᠢᠨ ᠬᠢ ᠠᠴᠠ 10 ᠵᠠᠭᠤᠨ ᠤ ᠬᠤᠪᠢ ᠳᠡᠭᠡᠭᠰᠢᠯᠡᠪᠡ︔ ᠲᠠᠸᠠᠷ ᠤᠨ ᠭᠡᠷ ᠪᠠᠶᠢᠰᠢᠩ ᠤᠨ ᠳᠤᠮᠳᠠᠴᠢ ᠦᠨ᠎ᠡ ᠨᠢ 7199 ᠲᠥᠭᠦᠷᠢᠭ / ᠳᠡᠭᠰᠢ ᠳᠦᠷᠪᠡᠯᠵᠢᠨ ᠮᠧᠲᠷ ᠲᠤ ᠬᠦᠷᠴᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ