1 - 5 ᠰᠠᠷ᠎ᠠ ᠳᠤ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠠᠯᠬᠤᠮ ᠠᠯᠬᠤᠮ ᠢᠶᠠᠷ ᠰᠠᠶᠢᠵᠢᠷᠠᠵᠤ᠂ ᠰᠦᠯᠵᠢᠶᠡᠨ ᠤ ᠪᠤᠷᠤᠯᠠᠭᠤᠯᠭ᠎ᠠ ᠶᠡᠬᠡᠪᠡᠷ ᠨᠡᠮᠡᠭᠳᠡᠪᠡ
ᠨᠡᠶᠢᠲᠡᠯᠡᠭᠰᠡᠨ ᠴᠠᠭ᠄
2024/6/21
    1 - 5 ᠰᠠᠷ᠎ᠠ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 92.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 - 4 ᠰᠠᠷ᠎ᠠ ᠶᠢᠨ ᠬᠢ ᠠᠴᠠ 1.7 ᠵᠠᠭᠤᠨ ᠤ ᠬᠤᠪᠢ ᠳᠡᠭᠡᠭᠰᠢᠯᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 0.3 ᠵᠠᠭᠤᠨ ᠤ ᠬᠤᠪᠢ ᠥᠨᠳᠥᠷ ᠪᠤᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 1.9 ᠵᠠᠭᠤᠨ ᠤ ᠬᠤᠪᠢ ᠥᠨᠳᠥᠷ ᠪᠤᠯᠵᠤ᠂ ᠪᠥᠬᠦ ᠬᠤᠲᠠ ᠶᠢᠨ ᠬᠢ ᠠᠴᠠ 0.4 ᠵᠠᠭᠤᠨ ᠤ ᠬᠤᠪᠢ ᠳᠣᠤᠷ᠎ᠠ ᠪᠣᠯᠪᠠ᠃     ᠰᠦᠯᠵᠢᠶᠡᠨ ᠪᠣᠷᠣᠯᠠᠭᠤᠯᠤᠯᠲᠠ ᠶᠡᠬᠡᠪᠡᠷ ᠨᠡᠮᠡᠭᠳᠡᠵᠡᠢ᠃ ᠬᠢᠵᠠᠭᠠᠷᠯᠠᠯ ᠠᠴᠠ ᠳᠡᠭᠡᠭᠰᠢᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ 5.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 124.2% ᠢᠶᠠᠷ ᠨᠡᠮᠡᠭᠳᠡᠨ᠂ ᠬᠢᠵᠠᠭᠠᠷᠯᠠᠯ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠣᠭᠠᠨ ᠤ 10.7% ᠶᠢ ᠡᠵᠡᠯᠡᠪᠡ᠃     ᠮᠠᠰᠢᠨ ᠲᠡᠷᠭᠡᠨ ᠤ ᠪᠤᠷᠤᠯᠠᠬᠤᠯᠭ᠎ᠠ ᠡᠶᠡᠷᠬᠦ ᠨᠡᠮᠡᠭᠳᠡᠯ ᠲᠠᠢ ᠪᠤᠯᠪᠠ᠃ ᠬᠢᠵᠠᠭᠠᠷᠯᠠᠯ ᠠᠴᠠ ᠳᠡᠭᠡᠭᠰᠢᠬᠢ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 29.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 - 4 ᠰᠠᠷ᠎ᠠ ᠶᠢᠨ ᠬᠢ ᠠᠴᠠ 4.5 ᠵᠠᠭᠤᠨ ᠤ ᠬᠤᠪᠢ ᠳᠡᠭᠡᠭᠰᠢᠯᠡᠵᠦ᠂ ᠬᠢᠵᠠᠭᠠᠷᠯᠠᠯ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ 57.5% ᠶᠢ ᠡᠵᠡᠯᠡᠪᠡ᠃ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 9.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.9% ᠪᠠᠷ ᠨᠡᠮᠡᠭᠳᠡᠪᠡ᠃     ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠬᠡᠷᠡᠭᠴᠡᠭᠡ ᠲᠤᠭᠳᠠᠭᠤᠨ ᠪᠠᠶᠢᠪᠠ᠃ ᠬᠢᠵᠠᠭᠠᠷᠯᠠᠯ ᠠᠴᠠ ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 2.78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ︔ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 6.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ︔ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 2.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃     ᠢᠳᠡᠭᠡᠨ ᠤᠮᠳᠠᠭᠠᠨ ᠤ ᠬᠡᠷᠡᠭᠯᠡᠭᠡ ᠦᠷᠭᠦᠯᠵᠢᠯᠡᠨ ᠰᠡᠷᠭᠦᠪᠡ᠃ ᠬᠢᠵᠠᠭᠠᠷᠯᠠᠯ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 3.21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ