ᠲᠦᠪ ᠲᠧᠯᠸᠢᠰ ᠤᠨ ᠰᠤᠨᠢᠨ ᠮᠡᠳᠡᠬᠡᠨ ᠤ ᠮᠡᠳᠡᠭᠡ ᠶᠢ ᠦᠨᠰᠤᠳᠤᠯᠡᠪᠡᠯ᠂ ᠬᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠶᠠᠮᠤᠨ 2024 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ᠂ | 2023 ᠤᠨ ᠤ ᠡᠴᠤᠰ ᠠᠴᠠ ᠡᠮᠤᠨ᠎ᠡ ᠨᠢᠬᠡᠨᠳᠡ ᠳᠤᠭᠳᠠᠭᠠᠯ ᠶᠤᠰᠤᠭᠠᠷ ᠠᠵᠢᠯ ᠠᠴᠠ ᠪᠠᠨ ᠠᠮᠠᠷᠠᠬᠤ ᠭᠠᠷ | ᠬᠦᠢᠴᠡᠳᠬᠡᠯ ᠬᠢᠭᠰᠡᠨ ᠪᠦᠬᠡᠳ ᠰᠠᠷ᠎ᠠ ᠪᠠᠷ ᠦᠨᠳᠤᠰᠤᠨ ᠨᠠᠰᠤᠵᠢᠯ ᠤᠨ ᠠᠰᠠᠷᠠᠮᠵᠢ ᠶᠢᠨ ᠮᠦᠩᠬᠦ ᠠᠪᠴᠤ ᠪᠠᠶᠢᠭ᠎ᠠ | ᠠᠵᠤ ᠠᠬᠤᠶᠢᠯᠠᠯ ᠪᠠ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠢ ᠶᠢᠨ ᠠᠵᠢᠯ ᠠᠴᠠ ᠪᠠᠨ ᠠᠮᠠᠷᠠᠭᠰᠠᠳ ᠤᠨ | ᠦᠨᠳᠤᠰᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠬᠢᠷᠢ ᠲᠦᠪᠰᠢᠨ ᠢ ᠳᠡᠬᠡᠭᠰᠢᠯᠡᠬᠦᠯᠵᠤ᠂ ᠶᠡᠷᠦᠩᠬᠡᠢ | ᠳᠤᠬᠢᠷᠠᠭᠤᠯᠤᠯᠳᠠ ᠶᠢᠨ ᠬᠡᠮᠵᠢᠶ᠎ᠡ ᠨᠢ 2023 ᠤᠨ ᠤ ᠠᠵᠢᠯ ᠠᠴᠠ ᠪᠠᠨ ᠠᠮᠠᠷᠠᠭᠰᠠᠳ ᠤᠨ ᠰᠠᠷ᠎ᠠ ᠶᠢᠨ ᠬᠦᠮᠦᠨ | ᠳᠤᠮᠳᠠᠴᠢ ᠶᠢᠨ ᠦᠨᠳᠤᠰᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ 3% ᠪᠤᠯᠤᠨ᠎ᠠ᠃ | ᠳᠤᠰ ᠤᠳᠠᠭᠠᠨ ᠤ ᠳᠤᠬᠢᠷᠠᠭᠤᠯᠤᠯᠳᠠ ᠳᠤ᠂ ᠨᠤᠷᠮ᠎ᠠ ᠳᠤᠭᠳᠠᠭᠠᠨ ᠳᠤᠬᠢᠷᠠᠭᠤᠯᠬᠤ᠂ ᠬᠤᠯᠪᠤᠭᠳᠠᠭᠤᠯᠤᠨ | ᠳᠤᠬᠢᠷᠠᠭᠤᠯᠬᠤ ᠪᠠ ᠵᠤᠬᠢᠰᠳᠠᠢ ᠬᠡᠯᠪᠡᠶᠢᠯᠬᠡᠬᠦ ᠶᠢ ᠤᠶᠠᠯᠳᠤᠭᠤᠯᠤᠭᠰᠠᠨ ᠳᠤᠬᠢᠷᠠᠭᠤᠯᠬᠤ ᠠᠷᠭ᠎ᠠ ᠶᠢ ᠦᠷᠬᠦᠯᠵᠢᠯᠡᠨ | ᠬᠡᠷᠡᠭᠯᠡᠵᠤ᠂ ᠨᠤᠷᠮ᠎ᠠ ᠳᠤᠭᠳᠠᠭᠠᠨ ᠳᠤᠬᠢᠷᠠᠭᠤᠯᠬᠤ ᠨᠢ ᠨᠡᠶᠢᠬᠡᠮ ᠤᠨ ᠲᠦᠪ ᠭᠤᠤᠯᠴᠢ ᠶᠢ ᠢᠯᠡᠷᠡᠬᠦᠯᠵᠤ᠂ ᠠᠳᠠᠯᠢ | ᠨᠢᠬᠡᠨ ᠭᠠᠵᠠᠷ ᠤᠷᠤᠨ ᠤ ᠡᠯ᠎ᠡ ᠲᠦᠷᠦᠯ ᠤᠨ ᠠᠵᠢᠯ ᠠᠴᠠ ᠪᠠᠨ ᠠᠮᠠᠷᠠᠭᠰᠠᠳ ᠤᠨ ᠪᠠᠷᠢᠮᠵᠢᠶ᠎ᠠ ᠳᠤ | ᠳᠤᠬᠢᠷᠠᠭᠤᠯᠤᠯᠳᠠ ᠬᠢᠬᠦ ᠨᠢ ᠨᠢᠬᠡᠳᠤᠯᠳᠡᠢ ᠪᠠᠶᠢᠵᠤ︔ ᠬᠤᠯᠪᠤᠭᠳᠠᠭᠤᠯᠤᠨ ᠳᠤᠬᠢᠷᠠᠭᠤᠯᠬᠤ ᠨᠢ ︽ᠢᠯᠡᠬᠦᠦ | ᠳᠤᠰᠢᠶᠠᠪᠠᠯ ᠢᠯᠡᠬᠦᠦ ᠤᠯᠬᠤ︾᠂ ︽ᠤᠷᠳᠤ ᠬᠤᠭᠤᠴᠠᠭ᠎ᠠ ᠳᠤᠰᠢᠶᠠᠪᠠᠯ ᠢᠯᠡᠬᠦᠦ ᠤᠯᠬᠤ︾ ᠤᠷᠮᠠᠰᠢᠭᠤᠯᠤᠯ ᠤᠨ | ᠳᠤᠭᠳᠠᠴᠠ ᠶᠢ ᠢᠯᠡᠷᠡᠬᠦᠯᠵᠤ᠂ ᠠᠵᠢᠯ ᠤᠨ ᠪᠠᠶᠢᠷᠢ ᠳᠤ ᠪᠠᠶᠢᠬᠤ ᠦᠶ᠎ᠡ ᠳᠤ ᠢᠯᠡᠬᠦᠦ ᠰᠦᠢᠳᠬᠡᠯ ᠳᠤᠰᠢᠶᠠᠭᠰᠠᠨ᠂ | ᠤᠷᠳᠤ ᠬᠤᠭᠤᠴᠠᠭ᠎ᠠ ᠰᠦᠢᠳᠬᠡᠯ ᠳᠤᠰᠢᠶᠠᠭᠰᠠᠨ ᠬᠦᠮᠦᠰ ᠲᠤ ᠢᠯᠡᠬᠦᠦ ᠨᠠᠰᠤᠵᠢᠯ ᠤᠨ ᠮᠦᠩᠬᠦ ᠤᠯᠭᠤᠨ᠎ᠠ︔ | ᠵᠤᠬᠢᠰᠳᠠᠢ ᠬᠡᠯᠪᠡᠶᠢᠯᠬᠡᠬᠦ ᠨᠢ ᠭᠤᠤᠯᠳᠠᠯᠭ᠎ᠠ ᠲᠠᠢ ᠬᠠᠯᠠᠮᠵᠢᠯᠠᠯ ᠢ ᠢᠯᠡᠷᠡᠬᠦᠯᠵᠤ᠂ ᠭᠤᠤᠯᠳᠠᠭᠤ ᠦᠨᠳᠤᠷ ᠨᠠᠰᠤᠳᠠᠢ | ᠠᠵᠢᠯ ᠠᠴᠠ ᠪᠠᠨ ᠠᠮᠠᠷᠠᠭᠰᠠᠳ ᠪᠠ ᠬᠠᠳᠠᠭᠤ ᠪᠡᠷᠬᠡᠰᠢᠶᠡᠯᠳᠡᠢ ᠬᠢᠯᠢ ᠬᠢᠵᠠᠭᠠᠷ ᠤᠷᠤᠨ ᠤ ᠠᠵᠢᠯ ᠠᠴᠠ ᠪᠠᠨ | ᠠᠮᠠᠷᠠᠭᠰᠠᠳ ᠵᠡᠷᠬᠡ ᠬᠦᠮᠦᠰ ᠲᠤ ᠬᠠᠷᠠᠭᠠᠯᠵᠠᠯ ᠦᠵᠡᠬᠦᠯᠦᠨ᠎ᠡ᠃ |