ᠡᠮᠡᠭᠳᠡᠢ ᠪᠠᠭᠠᠳᠤᠷ ᠯᠢᠦ ᠬᠤ᠋ ᠯᠠᠨ
ᠨᠡᠶᠢᠲᠡᠯᠡᠭᠰᠡᠨ ᠴᠠᠭ᠄
2024/6/25
       ᠯᠢᠦ ᠬᠤ᠋ ᠯᠠᠨ ᠤ ᠤᠤᠯ ᠨᠠᠷ᠎ᠠ ᠨᠢ ᠯᠢᠤ ᠹᠦ᠋ ᠯᠠᠨ᠂ 1932 ᠣᠨ ᠤ 10 ᠰᠠᠷ᠎ᠠ ᠶᠢᠨ 8 ᠤ ᠡᠳᠦᠷ ᠱᠠᠨ ᠰᠢ ᠮᠤᠵᠢ ᠶᠢᠨ ᠸᠧᠨ ᠱᠦᠢ ᠰᠢᠶᠠᠨ ᠤ ᠶᠦᠨ ᠵᠸᠦ ᠰᠢ ᠲᠣᠰᠬᠤᠨ ᠤ ᠨᠢᠭᠡᠨ ᠶᠠᠳᠠᠭᠤ ᠲᠠᠷᠢᠶᠠᠴᠢᠨ ᠤ ᠭᠡᠷ ᠲᠤ ᠲᠥᠷᠥᠵᠡᠢ᠃    1938 ᠤᠨ ᠳᠤ᠂ ᠸᠧᠨ ᠱᠦᠢ ᠰᠢᠶᠡᠨ ᠤ ᠶᠠᠫᠤᠨ ᠢ ᠡᠰᠡᠷᠭᠦᠴᠡᠬᠦ ᠠᠷᠠᠳᠴᠢᠯᠠᠭᠰᠠᠨ ᠵᠠᠰᠠᠭ ᠤᠨ ᠭᠠᠵᠠᠷ ᠪᠠᠶᠢᠭᠤᠯᠤᠭᠳᠠᠨ᠂ ᠪᠦᠬᠦ ᠰᠢᠶᠠᠨ ᠤ ᠬᠡᠪᠴᠢᠶᠠᠨ  ᠳᠤ ᠲᠦᠷᠢᠶᠡᠰᠤ ᠶᠢ ᠬᠠᠰᠤᠵᠤ᠂ ᠬᠦᠦ ᠮᠦᠡᠭᠬᠦ ᠶᠢ ᠪᠠᠭᠠᠰᠬᠠᠬᠤ ᠵᠡᠷᠭᠡ ᠠᠯᠢ ᠤᠯᠠᠨ ᠠᠷᠠᠳᠴᠢᠯᠠᠭᠰᠠᠨ ᠦᠭᠡᠷᠡᠴᠢᠯᠡᠯᠳᠡ ᠶᠢᠨ ᠠᠷᠭ᠎ᠠ ᠠᠪᠴᠠᠯ ᠢ ᠭᠡᠷᠡᠭᠵᠢᠬᠦᠯᠵᠦ ᠪᠠᠶᠢᠵᠠᠢ᠃ ᠲᠤᠬᠠᠢ ᠶᠢᠨ ᠦᠶ᠎ᠡ ᠳᠤ᠂ ᠯᠢᠤ ᠬᠤ᠋ ᠯᠠᠨ ᠤ ᠭᠡᠷ ᠤᠨ ᠡᠰᠡᠷᠬᠦ ᠲᠠᠯ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠢᠭᠤᠴᠠ ᠠᠵᠢᠯ ᠦᠷᠨᠢᠬᠦᠯᠵᠦ ᠪᠠᠶᠢᠭᠰᠠᠨ ᠦᠷᠳᠡᠭᠡ ᠪᠠᠶᠢᠵᠤ᠂ ᠯᠢᠤ ᠬᠤ᠋ ᠯᠠᠨ ᠡᠳᠦᠷᠵᠢᠨ ᠲᠡᠨᠳᠡ ᠬᠦᠷᠴᠤ ᠶᠠᠫᠤᠨ ᠢ ᠡᠰᠡᠷᠬᠦᠴᠡᠭᠰᠡᠨ ᠦᠯᠢᠭᠡᠷ ᠢ ᠰᠤᠨᠤᠰᠴᠤ᠂ ᠶᠠᠫᠤᠨ ᠢ ᠡᠰᠡᠷᠬᠦᠴᠡᠬᠦ ᠲᠠᠭᠤᠤ ᠰᠤᠷᠳᠠᠭ ᠪᠠᠶᠢᠯ᠎ᠠ᠃ ᠶᠠᠫᠤᠨ ᠢ ᠡᠰᠡᠷᠬᠦᠴᠡᠬᠦ ᠠᠷᠠᠳᠴᠢᠯᠠᠭᠰᠠᠨ ᠵᠠᠰᠠᠭ ᠤᠨ ᠭᠠᠵᠠᠷ ᠤᠨ ᠬᠢᠨ ᠶᠠᠫᠤᠨ ᠢ ᠡᠰᠡᠷᠬᠦᠴᠡᠬᠦ ᠪᠠᠭ᠎ᠠ  ᠰᠣᠷᠭᠠᠭᠤᠯᠢ ᠪᠠᠶᠢᠭᠤᠯᠤᠨ᠂ ᠯᠢᠤ ᠬᠤ᠋ ᠯᠠᠨ ᠴᠤ ᠰᠤᠷᠭᠠᠭᠤᠯᠢ ᠳᠤ ᠰᠠᠭᠤᠵᠤ ᠪᠢᠴᠢᠭ ᠰᠤᠶᠤᠯ ᠤᠨ ᠮᠦᠷ ᠭᠦᠭᠡᠭᠡᠬᠦ ᠠᠵᠠ ᠲᠤᠬᠢᠶᠠᠯ ᠲᠠᠢ ᠪᠤᠯᠵᠠᠢ᠃    ᠬᠤᠪᠢᠰᠬᠠᠯ ᠤᠨ ᠠᠭᠤᠷ ᠠᠮᠢᠰᠬᠤᠯ ᠪᠤᠯᠤᠨ ᠭᠡᠷ ᠤᠨ ᠬᠦᠮᠦᠵᠢᠯ ᠤᠨ ᠨᠦᠯᠦᠭᠡᠯᠡᠯ ᠲᠤᠤᠷ᠎ᠠ ᠯᠢᠤ ᠬᠤ᠋ ᠯᠠᠨ ᠶᠠᠭᠠᠬᠢᠪᠠᠯ ᠰᠠᠶ᠋ᠢ ᠦᠨ᠎ᠡ ᠦᠷᠳᠡᠭ ᠲᠠᠢ ᠠᠮᠢᠳᠤᠷᠠᠵᠤ᠂ ᠬᠤᠪᠢᠰᠬᠠᠯ ᠤᠨ ᠲᠦᠯᠦᠭᠡ ᠲᠡᠮᠡᠴᠡᠬᠦ ᠶᠢ ᠡᠷᠳᠡ ᠠᠴᠠ ᠤᠬᠠᠭᠠᠷᠠᠭᠰᠠᠨ ᠪᠠᠶᠢᠪᠠ᠃    1942 ᠤᠨ ᠳᠤ ᠸᠧᠨ ᠱᠦᠢ ᠫᠢᠡᠭ ᠴᠤᠸᠠᠨ ᠤ ᠠᠩᠬᠠᠳᠠᠭᠴᠢ ᠪᠠᠭᠠᠴᠤᠳ ᠭᠡᠦᠭᠡᠳ ᠤᠨ ᠪᠦᠯᠬᠦᠮ  ᠶᠦᠨ ᠵᠸᠤ ᠰᠢ ᠲᠤᠰᠬᠤᠨ ᠳᠤ ᠪᠠᠶᠢᠭᠤᠯᠤᠭᠳᠠᠵᠤ᠂ 10 ᠨᠠᠰᠤᠳᠠᠢ ᠯᠢᠦ ᠬᠤ᠋ ᠯᠠᠨ ᠪᠠᠭᠠᠴᠤᠳ ᠬᠡᠦᠬᠡᠳ ᠤᠨ ᠪᠦᠯᠬᠦᠮ ᠳᠤ ᠤᠷᠤᠯᠴᠠᠵᠤ᠂ ᠪᠢᠴᠢᠬᠠᠨ ᠬᠠᠨᠢᠳᠠᠳ ᠲᠠᠢ ᠪᠠᠨ ᠬᠠᠮᠳᠤ ᠬᠠᠷᠠᠭᠤᠯ ᠵᠤᠭᠰᠤᠬᠤ᠂ ᠴᠢᠮᠡᠭᠡ ᠬᠤᠯᠪᠤᠭ᠎ᠠ ᠲᠠᠮᠵᠢᠭᠤᠯᠬᠤ ᠵᠡᠷᠬᠡ ᠠᠵᠢᠯ ᠢ ᠬᠢᠵᠦ ᠡᠬᠢᠯᠡᠵᠡᠢ᠃ ᠨᠢᠭᠡ ᠤᠳᠠᠭ᠎ᠠ ᠨᠠᠢᠮᠠᠳᠤᠭᠠᠷ ᠵᠠᠮ ᠤᠨ ᠴᠡᠷᠢᠭ᠂ ᠲᠠᠶᠢᠰᠤᠨ ᠤ ᠨᠢᠭᠡ ᠬᠤᠷᠢᠶ᠎ᠠ ᠴᠡᠷᠢᠭ ᠢ ᠪᠦᠰᠡᠯᠡᠨ᠂ ᠰᠢᠶᠠᠨ ᠤ ᠡᠮᠡᠭᠳᠡᠶᠢᠴᠤᠳ ᠤᠨ ᠭᠡᠯᠳᠡᠰ ᠤᠨ ᠲᠠᠷᠤᠭ᠎ᠠ ᠡᠷᠦᠭᠡ ᠶᠢᠨ ᠴᠡᠷᠢᠭ ᠢ ᠲᠠᠶᠢᠴᠢᠯᠠᠨ ᠡᠮᠦᠨ᠎ᠡ ᠹᠷᠤᠨᠲ ᠲᠤ ᠲᠤᠰᠠᠯᠠᠬᠤ ᠪᠠᠷ ᠶᠠᠪᠤᠬᠤ ᠦᠶ᠎ᠡ ᠳᠤ ᠯᠢᠤ ᠬᠤ᠋ ᠯᠠᠨ ᠴᠤ ᠲᠡᠳᠡᠨᠤᠰ ᠲᠠᠢ ᠬᠠᠮᠳᠤ ᠶᠠᠪᠤᠬᠤ ᠪᠠᠷ ᠪᠤᠯᠪᠠ᠃ ᠴᠡᠷᠢᠭ ᠠᠩᠬᠢ ᠶᠢᠨ ᠲᠠᠷᠤᠭ᠎ᠠ ᠠᠴᠠ ᠲᠡᠳᠡᠨᠤᠰ ᠲᠤ᠄ ︽ᠡᠮᠦᠨ᠎ᠡ ᠹᠷᠤᠨᠲ ᠲᠤ ᠶᠠᠭ ᠲᠠᠶᠢᠨ ᠪᠠᠶᠢᠯᠳᠤᠭᠠᠨ ᠪᠤᠯᠵᠤ ᠪᠤᠢ ᠮᠠᠰᠢ ᠠᠶᠤᠯᠳᠠᠢ︾ ᠭᠡᠵᠦ ᠰᠠᠨᠠᠭᠤᠯᠬᠤ ᠳᠤ᠂ ᠯᠢᠤ ᠬᠤ᠋ ᠯᠠᠨ᠄ ︽ᠪᠠᠶᠢᠯᠳᠤᠭᠴᠢᠳ ᠠᠶᠤᠬᠤ ᠦᠭᠡᠢ ᠪᠠᠶᠢᠬᠤ ᠳᠤ᠂ ᠪᠢᠳᠠ ᠪᠠᠰᠠ ᠡᠮᠡᠭᠳᠡᠢ ᠡᠷᠦᠭᠡ ᠶᠢᠨ ᠴᠡᠷᠢᠭ ᠶᠤᠮ ᠴᠢᠨᠢ ᠠᠶᠤᠬᠤ ᠶᠤᠰᠤ ᠦᠭᠡᠢ︾ ᠭᠡᠵᠦ ᠡᠷᠡᠰ ᠰᠢᠭᠤᠷᠬᠠᠢ ᠬᠠᠷᠢᠭᠤᠯᠪᠠ᠃ ᠲᠡᠳᠡᠨᠤᠰ ᠲᠠᠶᠢᠨ ᠤ ᠡᠮᠦᠨ᠎ᠡ ᠹᠷᠤᠨᠲ ᠲᠤ ᠮᠠᠰᠢ ᠡᠷᠡᠯᠭᠡᠭ ᠪᠠᠭᠠᠳᠤᠷᠯᠢᠭ ᠪᠠᠶᠢᠵᠤ᠂ ᠰᠢᠷᠬᠠᠳᠤᠭᠰᠠᠨ ᠪᠠᠶᠢᠯᠳᠤᠭᠴᠢᠳ ᠤᠨ ᠰᠢᠷᠬ᠎ᠠ ᠶᠢ ᠪᠤᠭᠤᠬᠤ ᠶᠢᠨ ᠬᠠᠮᠳᠤ ᠪᠠᠰᠠ ᠪᠠᠶᠢᠯᠳᠤᠭᠴᠢᠳ ᠲᠤ ᠲᠠᠷᠢ ᠰᠤᠮᠤ ᠬᠦᠷᠭᠡᠵᠦ ᠰᠦᠨᠢ ᠪᠤᠯᠳᠠᠯ᠎ᠠ ᠠᠵᠢᠯᠯᠠᠵᠤ᠂ ᠲᠠᠶᠢᠨ ᠲᠠᠭᠤᠰᠤᠭᠰᠠᠨ ᠤ ᠲᠠᠷᠠᠭ᠎ᠠ ᠰᠠᠶ᠋ᠢ ᠪᠤᠴᠠᠵᠤ ᠢᠷᠡᠪᠡ᠃ ᠲᠤᠬᠠᠢ ᠶᠢᠨ ᠦᠶ᠎ᠡ ᠳᠤ ᠯᠢᠤ ᠬᠤ᠋ ᠯᠠᠨ ᠰᠠᠶ᠋ᠢ 13 ᠨᠠᠰᠤᠳᠠᠢ ᠪᠠᠶᠢᠯ᠎ᠠ᠃    1945 ᠣᠨ ᠤ 11 ᠰᠠᠷ᠎ᠠ ᠳᠤ᠂ ᠯᠢᠦ ᠬᠤ᠋ ᠯᠠᠨ ᠸᠧᠨ ᠱᠦᠢ ᠰᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠡᠷᠬᠢᠯᠡᠭᠰᠡᠨ ᠡᠮᠡᠭᠲᠡᠶᠢᠴᠦᠳ ᠤᠨ ᠪᠣᠯᠪᠠᠰᠤᠷᠠᠯ ᠤᠨ ᠠᠩᠭᠢ ᠳᠤ ᠤᠷᠤᠯᠴᠠᠵᠤ᠂ ᠰᠤᠷᠤᠯᠴᠠᠯᠭ᠎ᠠ ᠪᠠᠷ ᠲᠠᠮᠵᠢᠨ ᠬᠤᠪᠢᠰᠬᠠᠯ ᠤᠨ ᠲᠤᠬᠠᠢ ᠮᠠᠰᠢ ᠤᠯᠠᠨ ᠶᠤᠰᠤ ᠤᠴᠢᠷ ᠢ ᠤᠶᠢᠯᠠᠭᠠᠨ᠂ ᠬᠤᠪᠢᠰᠬᠠᠯ ᠤᠨ ᠦᠵᠡᠯ ᠤᠬᠠᠮᠰᠠᠷ ᠨᠢ ᠤᠯᠠᠮ ᠲᠡᠭᠡᠭᠰᠢᠯᠡᠵᠡᠢ᠃ ᠲᠣᠰᠬᠤᠨ ᠳᠠᠭᠠᠨ ᠪᠤᠴᠠᠭᠰᠠᠨ ᠤ ᠳᠠᠷᠠᠭ᠎ᠠ᠂ ᠯᠢᠤ ᠬᠤ᠋ ᠯᠠᠨ ᠲᠣᠰᠬᠤᠨ ᠤ ᠡᠮᠡᠭᠲᠡᠶᠢᠴᠦᠳ ᠤᠨ ᠠᠪᠤᠷᠠᠨ ᠲᠤᠰᠠᠯᠠᠬᠤ ᠨᠡᠶᠢᠭᠡᠮᠯᠢᠭ ᠤᠨ ᠨᠠᠷᠢᠨ ᠪᠢᠴᠢᠭᠡᠴᠢ ᠶᠢᠨ ᠠᠵᠢᠯ ᠢ ᠬᠠᠷᠢᠭᠤᠴᠠᠨ᠂ ᠨᠠᠮ ᠤᠨ ᠭᠡᠰᠢᠭᠦᠳ ᠲᠠᠢ ᠬᠠᠮᠲᠤ ᠣᠯᠠᠨ ᠲᠦᠮᠡᠨ ᠢ ᠳᠠᠶᠢᠴᠢᠯᠠᠨ ᠭᠠᠵᠠᠷ ᠤᠨ ᠡᠵᠡᠨ  ᠢ ᠴᠤᠬᠢᠵᠤ ᠤᠨᠠᠭᠠᠬᠤ᠂ ᠨᠠᠶᠢᠳᠠ ᠶᠢᠨ ᠠᠮᠤ ᠪᠤᠳᠠᠭ᠎ᠠ ᠶᠢ ᠬᠦᠷᠭᠡᠬᠦ᠂ ᠴᠡᠷᠢᠭ ᠤᠨ ᠱᠠᠬᠠᠢ ᠬᠢᠬᠦ ᠠᠵᠢᠯ ᠳᠤ ᠤᠷᠤᠯᠴᠠᠬᠤ ᠶᠢᠨ ᠬᠠᠮᠳᠤ ᠵᠠᠯᠠᠭᠤᠴᠤᠳ ᠤᠨ ᠴᠡᠷᠢᠭ ᠲᠤ ᠮᠤᠷᠳᠠᠬᠤ ᠶᠢ ᠲᠠᠶᠢᠴᠢᠯᠠᠵᠤ ᠪᠠᠶᠢᠪᠠ᠃ ᠲᠡᠮᠡᠴᠡᠯ ᠤᠨ ᠲᠤᠮᠳᠠ ᠯᠢᠤ ᠬᠤ᠋ ᠯᠠᠨ ᠨᠠᠩ ᠲᠠᠪᠳᠠᠭᠳᠠᠨ ᠪᠤᠯᠪᠠᠰᠤᠷᠠᠵᠤ᠂ 1946 ᠤᠨ ᠤ 6 ᠰᠠᠷ᠎ᠠ ᠳᠤ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠤᠯᠠᠭᠴᠢ ᠭᠡᠰᠢᠭᠦᠨ ᠪᠤᠯᠪᠠ᠃ ᠲᠤᠬᠠᠢ ᠶᠢᠨ ᠦᠶ᠎ᠡ ᠳᠤ ᠲᠡᠷᠡ 14 ᠨᠠᠰᠤᠲᠠᠢ᠃    1946 ᠣᠨ ᠤ 10 ᠰᠠᠷ᠎ᠠ ᠳᠤ ᠭᠤᠮᠢᠨᠳᠠᠩ ᠤᠨ ᠴᠡᠷᠢᠭ ᠸᠧᠨ ᠱᠦᠢ ᠰᠢᠶᠠᠨ ᠳᠤ ᠲᠦᠷᠢᠨ ᠤᠷᠤᠵᠤ ᠢᠷᠡᠪᠡ᠃ ᠬᠤᠪᠢᠰᠬᠠᠯ ᠤᠨ ᠬᠦᠴᠦᠨ ᠢ ᠬᠠᠳᠠᠭᠠᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶᠠᠨ ᠠᠴᠠ ᠣᠯᠠᠩᠭᠢ ᠨᠥᠬᠦᠳ ᠢ ᠰᠢᠯᠵᠢᠭᠦᠯᠦᠨ ᠠᠭᠤᠯᠠᠨ ᠳᠤ ᠭᠠᠷᠭᠠᠵᠤ᠂ ᠴᠦᠭᠡᠨ ᠨᠥᠬᠦᠳ ᠢ ᠦᠯᠡᠳᠡᠭᠡᠨ ᠦᠷᠭᠦᠯᠵᠢᠯᠡᠨ ᠲᠡᠮᠡᠴᠡᠯ ᠬᠢᠯᠭᠡᠪᠡ᠃ ᠯᠢᠤ ᠬᠤ᠋ ᠯᠠᠨ ᠰᠠᠶᠢᠨ ᠲᠤᠷ᠎ᠠ ᠠᠴᠠ ᠪᠠᠨ ᠦᠯᠡᠳᠡᠵᠦ᠂ ᠦᠯᠡᠳᠡᠭᠰᠡᠨ ᠨᠥᠬᠦᠳ ᠲᠠᠢ ᠬᠠᠮᠲᠤ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠵᠢᠭᠠᠪᠤᠷᠢ ᠶᠢ ᠤᠯᠠᠮᠵᠢᠯᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠠᠮᠤ ᠪᠤᠳᠠᠭ᠎ᠠ ᠶᠢ ᠪᠤᠯᠠᠵᠤ᠂ ᠵᠡᠪᠰᠡᠭᠲᠦ ᠠᠩᠬᠢ ᠲᠠᠢ ᠬᠠᠮᠵᠢᠯᠴᠠᠨ ᠲᠡᠷᠰᠯᠡᠭᠦᠦ ᠲᠣᠰᠬᠤᠨ ᠤ ᠳᠠᠷᠤᠭ᠎ᠠ ᠶᠢ ᠳᠠᠷᠤᠩᠭᠤᠶᠢᠯᠠᠪᠠ᠃ ᠮᠦᠨ ᠵᠢᠯ ᠤᠨ ᠡᠪᠦᠯ ᠯᠢᠤ ᠬᠤ᠋ ᠯᠠᠨ ᠲᠠᠩᠨᠠᠨ ᠪᠠᠶᠢᠴᠠᠭᠠᠬᠤ ᠪᠠᠷ ᠲᠠᠮᠵᠢᠨ᠂ ᠵᠡᠪᠰᠡᠭᠳᠤ ᠠᠩᠬᠢ ᠶᠢᠨ ᠬᠢᠨ ᠢ ᠬᠠᠮᠵᠢᠨ ᠡᠷᠭᠡ ᠲᠤᠷ᠎ᠠ ᠪᠠᠷ ᠢᠶᠠᠨ ᠠᠭᠠᠰᠢᠯᠠᠵᠤ᠂ ᠲᠤᠰᠬᠤᠨ ᠤ ᠤᠯᠠᠨ ᠲᠦᠮᠡᠨ ᠤ ᠬᠤᠷᠤᠰᠤᠯ ᠢ ᠲᠡᠭᠳᠡᠭᠡᠭᠰᠡᠨ ᠬᠠᠭᠤᠷᠮᠠᠭ ᠲᠤᠰᠬᠤᠨ ᠤ ᠲᠠᠷᠤᠭ᠎ᠠ ᠶᠢ ᠠᠯᠠᠪᠠ᠃ ᠯᠢᠤ ᠬᠤ᠋ ᠯᠠᠨ ᠤ ᠡᠨᠡᠬᠦ ᠠᠵᠢᠯᠯᠠᠭ᠎ᠠ ᠨᠢ ᠲᠡᠶᠢᠰᠤᠨ ᠳᠤ ᠯᠤᠳᠤ ᠶᠡᠭᠡ ᠴᠤᠬᠢᠯᠳᠠ ᠦᠭᠴᠦ᠂ ᠮᠦᠨ ᠡᠨᠡᠬᠦ ᠤᠴᠢᠷ ᠠᠴᠠ ᠪᠤᠯᠵᠤ ᠲᠠᠶᠢᠰᠤᠨ ᠤ ᠲᠠᠯ᠎ᠠ ᠶᠢᠨ ᠬᠢᠨ ᠦᠰᠢᠶ᠎ᠠ ᠠᠪᠬᠤ ᠪᠠᠷ ᠤᠯᠠᠮ ᠤᠯᠠᠶᠢᠷᠠᠪᠠ᠃    1947 ᠣᠨ ᠤ 1 ᠰᠠᠷ᠎ᠠ ᠶᠢᠨ 12 ᠤᠨ ᠡᠳᠤᠷ᠂ ᠯᠢᠦ ᠬᠤ᠋ ᠯᠠᠨ ᠭᠤᠮᠢᠨᠳᠠᠩ ᠤᠨ ᠴᠡᠷᠢᠭ ᠪᠣᠯᠣᠨ ᠭᠠᠵᠠᠷ ᠤᠨ ᠡᠵᠡᠨ ᠤ ᠵᠡᠪᠰᠡᠭᠲᠦ ᠬᠦᠴᠦᠨ ᠤ ᠬᠢᠨ ᠳᠤ ᠪᠠᠷᠢᠪᠴᠢᠯᠠᠭᠳᠠᠪᠠ᠃ ᠲᠠᠶᠢᠰᠤᠨ ᠤ ᠰᠦᠷᠳᠡᠭᠦᠯᠦᠯ  ᠲᠤᠤᠷ᠎ᠠ ᠯᠢᠤ ᠬᠤ᠋ ᠯᠠᠨ ᠬᠤᠭᠤᠷᠠᠬᠤ ᠠᠴᠠ ᠪᠢᠰᠢ ᠨᠤᠭᠤᠷᠠᠬᠤ ᠦᠭᠡᠢ ᠪᠠᠶᠢᠵᠤ᠄ ︽ᠦᠬᠦᠬᠦ ᠠᠴᠠ ᠠᠶᠤᠪᠠᠯ ᠡᠪ ᠬᠠᠮᠲᠤ ᠨᠠᠮ ᠤᠨ ᠭᠡᠰᠢᠬᠦᠨ ᠪᠣᠯᠬᠤ ᠦᠭᠡᠢ︾ ᠭᠡᠵᠦ ᠴᠢᠩᠭ᠎ᠠ ᠬᠠᠷᠢᠭᠤᠯᠪᠠ᠃ ᠲᠠᠶᠢᠰᠤᠨ ᠠᠷᠭ᠎ᠠ ᠦᠭᠡᠶᠢᠳᠡᠬᠦ ᠳᠡᠭᠡᠨ ᠯᠢᠤ ᠬᠤ᠋ ᠯᠠᠨ ᠲᠠᠢ ᠬᠠᠮᠳᠤ ᠪᠠᠷᠢᠪᠴᠢᠯᠠᠭᠳᠠᠭᠰᠠᠨ 6 ᠬᠤᠪᠢᠰᠬᠠᠯᠲᠤ ᠣᠯᠠᠨ ᠲᠦᠮᠡᠨ ᠢ ᠬᠠᠷᠭᠢᠰ ᠬᠡᠷᠴᠡᠭᠡᠢ ᠪᠠᠷ ᠬᠡᠷᠴᠢᠵᠦ ᠠᠯᠠᠪᠠ᠃ ᠯᠢᠦ ᠬᠤ᠋ ᠯᠠᠨ ᠥᠴᠥᠬᠡᠨ ᠴᠦ ᠡᠮᠢᠶᠡᠯ ᠦᠭᠡᠢ ᠪᠠᠷ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠵᠡᠢ᠂ ᠲᠤᠬᠠᠢ ᠶᠢᠨ ᠦᠶ᠎ᠡ ᠳᠤ ᠯᠢᠤ ᠬᠤ᠋ ᠯᠠᠨ ᠬᠠᠷᠠᠬᠠᠨ 15 ᠨᠠᠰᠤ ᠴᠦ ᠬᠦᠷᠦᠭᠡᠳᠦᠢ ᠪᠠᠶᠢᠵᠤ᠂ ᠤᠬᠤᠷᠬᠠᠨ ᠵᠠᠯᠠᠭᠤ ᠨᠠᠰᠤ ᠪᠠᠷ ᠢᠶᠠᠨ ᠡᠬᠦᠷᠢᠳᠡ ᠶᠢᠨ ᠬᠠᠭᠤᠳᠠᠰᠤ ᠶᠢ ᠪᠢᠴᠢᠭᠯᠡᠪᠡ᠃    ᠮᠠᠤ ᠲᠡᠷᠢᠭᠦᠯᠡᠭᠴᠢ ᠯᠢᠤ ᠬᠤ᠋ ᠯᠠᠨ ᠤ ᠦᠯᠢᠭᠡᠷ ᠤᠴᠠᠷᠠᠯ ᠢ ᠰᠤᠨᠤᠰᠤᠭᠰᠠᠨ ᠤ ᠳᠠᠷᠠᠭ᠎ᠠ ᠲᠤᠶᠢᠯ ᠢᠶᠠᠷ ᠵᠤᠪᠠᠨᠢᠨ ᠭᠠᠰᠢᠭᠤᠳᠠᠵᠤ᠂ ᠲᠤᠰᠬᠠᠶᠢᠯᠠᠨ ᠯᠢᠤ ᠬᠤ᠋ ᠯᠠᠨ  ᠳᠤ ︽ᠠᠭᠤᠤ ᠶᠡᠭᠡ ᠪᠠᠷ ᠠᠮᠢᠳᠤᠷᠠᠵᠤ᠂ ᠠᠯᠳᠠᠷ ᠬᠦᠨᠳᠤᠳᠠᠢ ᠪᠠᠷ ᠪᠡᠶ᠎ᠡ ᠦᠷᠡᠭᠳᠡᠪᠡ︾ ᠭᠡᠰᠡᠨ ᠪᠢᠴᠢᠭᠡᠰᠤ ᠪᠢᠴᠢᠪᠡ᠃    1947 ᠤᠨ ᠤ 8 ᠰᠠᠷ᠎ᠠ ᠶᠢᠨ 1 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠱᠠᠨ ᠰᠢ ᠰᠦᠢᠶᠤᠸᠠᠨ ᠤ ᠬᠤᠪᠢᠶᠠᠷᠢ ᠲᠤᠪᠴᠢᠶ᠎ᠠ ᠠᠴᠠ ᠯᠢᠤ ᠬᠤ᠋ ᠯᠠᠨ ᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ ᠢᠶᠠᠷ ᠨᠡᠭᠡᠮᠵᠢᠯᠡᠨ ᠵᠦᠪᠰᠢᠶᠡᠷᠡᠪᠡ᠃ 2009 ᠣᠨ ᠤ 9 ᠰᠠᠷ᠎ᠠ ᠶᠢᠨ 10 ᠤ ᠡᠳᠦᠷ᠂ ᠯᠢᠤ ᠬᠤ᠋ ᠯᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ 100 ᠪᠠᠭᠠᠲᠤᠷ ᠵᠢᠱᠢᠶᠡᠴᠢ ᠬᠥᠮᠦᠰ ᠤᠨ ᠨᠢᠭᠡ ᠪᠠᠷ ᠦᠨᠡᠯᠡᠭᠳᠡᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ