ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ | ᠪᠠᠶᠠᠷ ᠤᠨ ᠴᠠᠭᠢᠯᠭᠠᠨ ᠶᠠᠪᠤᠭᠤᠯᠵᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠲᠡᠭᠦᠰ ᠠᠮᠵᠢᠯᠲᠠ | ᠣᠯᠣᠭᠰᠠᠨ ᠳᠤ ᠪᠠᠶᠠᠷ ᠬᠦᠷᠭᠡᠪᠡ | ᠳ᠋ᠢᠩ ᠰᠢᠤᠸᠠᠢ ᠰᠢᠶᠠᠩ ᠪᠡᠭᠡᠵᠢᠩ ᠳᠤ ᠪᠤᠴᠠᠯᠲᠠ ᠶᠢᠨ ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 25 ᠤ ᠴᠠᠭᠢᠯᠭᠠᠨ ᠮᠡᠳᠡᠭᠡ︶ 6 ᠰᠠᠷ᠎ᠠ ᠶᠢᠨ 25 ᠤ ᠡᠳᠦᠷ ᠤᠨ 14 ᠴᠠᠭ 7 ᠮᠢᠨᠦ᠋ᠲ ᠲᠤ | ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠠᠪᠤᠭᠰᠠᠨ ᠥᠯᠢᠭᠡᠷ ᠢᠶᠠᠨ ᠠᠪᠴᠤ ᠥᠪᠥᠷ ᠮᠣᠩᠭᠤᠯ ᠤᠨ ᠳᠥᠷᠪᠡᠳ | ᠬᠤᠰᠢᠭᠤᠨ ᠤ ᠤᠷᠢᠳᠴᠢᠯᠠᠨ ᠲᠣᠭᠲᠠᠭᠠᠭᠰᠠᠨ ᠣᠷᠣᠨ ᠳᠤ ᠠᠮᠤᠷ ᠲᠦᠪᠰᠢᠨ ᠢᠶᠠᠷ ᠭᠠᠵᠠᠷᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠭᠢᠯᠭᠠᠨ ᠢᠯᠡᠭᠡᠵᠦ᠂ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠰᠠᠷᠠᠨ ᠪᠥᠮᠪᠥᠷᠴᠡᠭ ᠢ ᠬᠠᠶᠢᠨ | ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠵᠢᠯᠤᠭᠤᠳᠬᠤ ᠬᠡᠯᠲᠡᠰ ᠪᠠ ᠴᠠᠩ ᠧ ᠵᠢᠷᠭᠤᠳᠤᠭᠠᠷ ᠤᠨ ᠡᠭᠦᠷᠭᠡ ᠳᠤ ᠣᠷᠣᠯᠴᠠᠬᠰᠠᠨ | ᠪᠦᠭᠦ ᠨᠥᠬᠦᠳ ᠲᠤ ᠬᠠᠯᠠᠭᠤᠨ ᠪᠠᠶᠠᠷ ᠬᠦᠷᠭᠡᠭᠰᠡᠨ ᠪᠥᠭᠡᠳ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠪᠠᠶᠠᠷ ᠤᠨ ᠴᠠᠭᠢᠯᠭᠠᠨ ᠳᠠᠭᠠᠨ᠂ ᠴᠠᠩ ᠧ ᠵᠢᠷᠭᠤᠳᠤᠭᠠᠷ ᠪᠣᠯ ᠬᠥᠮᠥᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ | ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠶᠢ ᠪᠡᠶᠡᠯᠡᠭᠦᠯᠦᠭᠰᠡᠨ ᠶᠠᠪᠤᠳᠠᠯ ᠪᠠᠶᠢᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ | ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠣᠯᠣᠭᠰᠠᠨ ᠪᠠᠰᠠ ᠨᠢᠭᠡᠨ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠪᠣᠯᠣᠨ᠎ᠠ᠃ 20 ᠵᠢᠯ ᠤᠨ ᠲᠤᠷᠰᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠰᠤᠳᠤᠯᠤᠨ ᠦᠢᠯᠡᠳᠬᠦ ᠪᠦᠲᠦᠭᠡᠨ | ᠪᠠᠶᠢᠭᠤᠯᠤᠯᠲᠠ ᠳᠤ ᠣᠷᠣᠯᠴᠠᠬᠰᠠᠨ ᠪᠦᠭᠦ ᠨᠥᠬᠦᠳ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠨᠣᠶᠠᠨ ᠤᠷᠭᠢᠯ ᠳᠤ ᠵᠣᠷᠢᠭᠲᠠᠢ ᠠᠪᠠᠷᠢᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠵᠤ᠂ ᠰᠠᠷᠠᠨ | ᠪᠥᠮᠪᠥᠷᠴᠡᠭ ᠢ ᠬᠠᠶᠢᠨ ᠰᠢᠨᠵᠢᠯᠡᠬᠦ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ ᠵᠠᠮ ᠢ ᠨᠡᠭᠡᠭᠡᠵᠡᠢ᠃ ᠲᠠ ᠨᠠᠷ ᠤᠨ ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠶᠢ | ᠡᠬᠡ ᠤᠯᠤᠰ ᠪᠠ ᠠᠷᠠᠳ ᠲᠦᠮᠡᠨ ᠥᠨᠢ ᠡᠭᠦᠷᠢᠳᠡ ᠪᠠᠲᠤ ᠴᠡᠭᠡᠵᠢᠯᠡᠬᠦ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠠ ᠨᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠦᠯᠢᠭᠡᠷ ᠤᠨ ᠰᠢᠨᠵᠢᠯᠡᠬᠦ ᠤᠬᠠᠭᠠᠨ ᠤ | ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠰᠠᠷ ᠤᠨ ᠠᠶᠠᠯᠠᠯ ᠤᠨ ᠬᠦᠴᠦᠷᠬᠡᠭ | ᠤᠯᠤᠰ ᠤᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠣᠷᠴᠢᠯᠠᠩ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠬᠥᠮᠥᠨ ᠲᠥᠷᠥᠯᠬᠢᠲᠡᠨ ᠤ ᠪᠤᠶᠠᠨ ᠵᠢᠷᠭᠠᠯ ᠢ | ᠨᠡᠮᠡᠭᠳᠡᠭᠦᠯᠬᠦ ᠳᠤ ᠲᠠᠭᠢᠨ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠴᠠᠩ ᠧ ᠵᠢᠷᠭᠤᠳᠤᠭᠠᠷ ᠤᠨ ᠡᠭᠦᠷᠭᠡ ᠶᠢᠨ | ᠪᠤᠴᠠᠯᠲᠠ ᠶᠢᠨ ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ | ᠭᠦᠸᠧ ᠴᠢᠩ ᠲᠤᠬᠠᠢ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠭᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃ | ᠴᠠᠩ ᠧ ᠵᠢᠷᠭᠤᠳᠤᠭᠠᠷ ᠤᠨ ᠡᠭᠦᠷᠭᠡ ᠨᠢ ᠬᠠᠷᠪᠤᠭᠰᠠᠨ ᠠᠴᠠ ᠠᠪᠤᠭᠠᠳ 53 ᠡᠳᠦᠷ᠂ 11 ᠨᠢᠰᠦᠯᠲᠡ ᠶᠢᠨ ᠱᠠᠲᠤ ᠦᠶ᠎ᠡ ᠶᠢ ᠥᠩᠭᠡᠷᠡᠭᠡᠵᠦ᠂ ᠰᠠᠷᠠᠨ | ᠪᠥᠮᠪᠥᠷᠴᠡᠭ ᠤᠨ ᠰᠥᠷᠭᠡᠦ ᠲᠣᠭᠤᠷᠢᠯᠲᠠ ᠶᠢᠨ ᠵᠠᠮ ᠢ ᠵᠢᠷᠤᠵᠤ ᠲᠥᠯᠥᠪᠯᠡᠬᠦ ᠪᠠ ᠡᠵᠡᠮᠳᠡᠬᠦ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠣᠶᠤᠨᠴᠢ ᠪᠠᠷ ᠲᠦᠷᠭᠡᠨ | ᠥᠯᠢᠭᠡᠷ ᠠᠪᠬᠤ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠨᠢᠰᠴᠦ ᠬᠥᠭᠡᠷᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠠᠩᠬ᠎ᠠ ᠤᠳᠠᠭ᠎ᠠ ᠰᠠᠷᠠᠨ | ᠪᠥᠮᠪᠥᠷᠴᠡᠭ ᠤᠨ ᠠᠷᠤ ᠲᠠᠯ᠎ᠠ ᠶᠢᠨ ᠥᠯᠢᠭᠡᠷ ᠢ ᠣᠯᠣᠭᠰᠠᠨ ᠪᠥᠭᠡᠳ 4 ᠰᠠᠭᠤᠷᠢ ᠣᠯᠠᠨ ᠤᠯᠤᠰ ᠤᠨ ᠠᠴᠢᠶ᠎ᠠ ᠶᠢ ᠠᠴᠢᠶᠠᠯᠠᠵᠤ᠂ ᠪᠣᠳᠠᠲᠠᠢ ᠶᠢ ᠡᠷᠬᠢᠮᠯᠡᠭᠰᠡᠨ | ᠥᠨᠳᠥᠷ ᠪᠦᠲᠦᠮᠵᠢᠲᠡᠶ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠪᠡ᠃ |