ᠬᠠᠨ ᠲᠤᠤ ᠠᠬᠤᠢ ᠳᠠᠯᠠᠪᠠᠢ ᠳᠤ ᠠᠯᠪᠠᠯᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/6/26
      6 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠤᠷᠢᠳ ᠬᠤᠵᠢᠳ ᠡᠮᠦᠨ᠎ᠡ ᠲᠡᠭᠦᠷᠭᠡ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠪᠠ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠰᠠᠶᠢᠨᠲ᠋ᠠᠶᠢᠵᠢ ᠨᠠᠭᠤᠷ ᠤᠨ ᠲᠣᠭᠤᠷᠢᠭ᠂ ᠶᠢᠨ ᠢᠦᠢ ᠹᠦ᠋ ᠪᠠᠷᠢᠯᠭ᠎ᠠ ᠶᠢᠨ ᠭᠠᠵᠠᠷ ᠢᠶᠠᠷ ᠭᠦᠨᠵᠡᠭᠡᠶᠢᠷᠡᠨ ᠠᠬᠤᠢ ᠲᠠᠯᠠᠪᠠᠢ ᠳᠤ ᠠᠵᠢᠯᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ︽ᠡᠷᠬᠢᠨ ᠬᠠᠷᠠᠬᠤ︾ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠠᠬᠢᠭᠤᠯᠪᠠ᠃      ᠬᠠᠨ ᠲᠤᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠣᠯ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠰᠢᠰᠲ᠋ᠧᠮ ᠲᠠᠢ ᠪᠠᠷ ᠵᠠᠰᠠᠬᠤ᠂ ᠥᠩᠭᠡᠨ ᠲᠠᠯ᠎ᠠ ᠪᠠ ᠦᠨᠳᠦᠰᠦ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠭᠤᠤᠯ ᠤᠨ ᠵᠠᠮ ᠤᠨ ᠠᠮᠢ ᠠᠬᠤᠶ ᠶᠢ ᠵᠠᠰᠠᠵᠤ ᠰᠡᠷᠭᠦᠭᠡᠬᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠪᠣᠳᠠᠲᠠᠢ ᠳᠤ ᠰᠠᠭᠤᠷᠢᠯᠠᠨ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠰᠠᠶᠢᠲᠤᠷ ᠬᠡᠷᠡᠭᠵᠢᠬᠦᠯᠵᠤ᠂ ᠳᠠᠬᠢᠯᠲᠠ ᠤᠰᠤᠨ ᠤ ᠠᠰᠢᠭᠯᠠᠮᠵᠢ ᠶᠢ ᠤᠯᠠᠮ ᠨᠢᠭᠡ ᠠᠯᠬᠤᠮ  ᠴᠢᠩᠭᠠᠳᠬᠠᠨ᠂ ᠳᠠᠬᠢᠯᠲᠠ ᠤᠰᠤᠨ ᠤ ᠬᠡᠷᠡᠭᠯᠡᠭᠡ ᠶᠢ ᠦᠷᠬᠡᠳᠬᠡᠵᠤ᠂ ᠤᠰᠤ ᠬᠡᠷᠡᠭᠯᠡᠬᠦ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ︽  ᠰᠢᠢᠳᠪᠤᠷᠢᠯᠡᠬᠦ ᠰᠡᠳᠬᠢᠬᠦᠶ︾ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠨ ᠥᠭᠴᠦ ᠬᠡᠷᠡᠭᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠶᠢ ᠵᠠᠰᠠᠬᠤ ᠠᠵᠢᠯ ᠢ ᠰᠠᠶᠢᠲᠤᠷ ᠠᠳᠬᠤᠵᠤ᠂ ᠰᠢᠷᠣᠶ ᠮᠠᠯᠲᠠᠬᠤ᠂ ᠡᠳ᠋ ᠮᠠᠲ᠋ᠧᠷᠢᠶᠠᠯ ᠢ ᠳᠠᠮᠵᠢᠭᠤᠯᠬᠤ ᠵᠡᠷᠭᠡ ᠭᠤᠤᠯᠳᠠᠯᠭ᠎ᠠ ᠲᠠᠢ ᠭᠤᠭᠴᠤᠭᠠᠨ ᠳᠠᠬᠢ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠶᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠣᠯ ᠤᠨ ᠵᠠᠮ ᠢ ᠴᠡᠭᠴᠡᠯᠡᠨ ᠵᠠᠰᠠᠬᠤ ᠶᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠴᠡᠭᠴᠡᠯᠡᠨ ᠵᠠᠰᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠰᠤᠨ ᠤ ᠲᠣᠣᠷ ᠢ ᠬᠤᠯᠪᠣᠨ ᠨᠡᠪᠳᠡᠷᠡᠬᠦᠯᠬᠦ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠢ ᠲᠥᠯᠥᠪᠵᠢᠭᠦᠯᠵᠦ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠭᠤᠯᠠᠢ ᠲᠣᠣᠷ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠬᠡᠵᠡᠢ᠃      ᠲᠣᠭᠤᠷᠢᠭ ᠤᠨ ᠤᠳᠤᠷᠢᠳᠤᠯᠭ᠎ᠠ ᠸᠠᠩ ᡁᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ