ᠭᠤᠤ ᠢ ᠳ᠋ᠦᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠬᠡᠷᠡᠬᠦᠯᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 26 ᠤ ᠡᠳᠦᠷ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠨᠡᠶᠢᠭᠡᠮ ᠲᠣᠭᠤᠷᠢᠭ᠂ ᠪᠠᠯᠭᠠᠰᠤ ᠲᠣᠰᠬᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠪᠠ᠃      ᠪᠠᠶᠠᠨᠮᠦ᠋ᠩᠬᠡ ᠵᠡᠭᠡᠯᠢ ᠭᠤᠳᠤᠮᠵᠢ ᠶᠢᠨ ᠶᠤᠸᠠᠨ ᠳ᠋ᠢᠩ ᠨᠡᠶᠢᠭᠡᠮ ᠲᠣᠭᠤᠷᠢᠭ ᠲᠤ᠂ ᠭᠤᠤ ᠢ ᠳ᠋ᠦᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠨᠢᠭᠡ ᠲᠠᠯ᠎ᠠ ᠨᠢ ᠰᠠᠭᠤᠭᠠᠯᠢ ᠠᠷᠠᠳ ᠲᠠᠢ ᠬᠤᠯᠪᠣᠯᠳᠤᠵᠤ᠂  ᠨᠦᠬᠦᠬᠡ ᠳᠠᠯ᠎ᠠ ᠨᠢ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠵᠠᠯᠭᠠᠯᠳᠤᠵᠤ ᠪᠠᠶᠢᠨ᠎ᠠ᠃ ︽ᠡᠬᠢ ᠡᠭᠦᠰᠦᠯ ᠠᠴᠠ ᠨᠢ ᠵᠠᠰᠠᠬᠤ︾ ᠳᠡᠭᠡᠷ᠎ᠡ ᠬᠦᠴᠦ ᠲᠠᠯᠪᠢᠵᠤ᠂ ᠨᠡᠶᠢᠭᠡᠮ ᠲᠣᠭᠤᠷᠢᠭ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠪᠤᠯᠭᠠᠨ᠂ ᠲᠣᠭᠠᠴᠢᠯᠠᠭᠰᠠᠨ ᠠᠷᠭ᠎ᠠ ᠪᠠᠷᠢᠯ ᠢ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠵᠦ᠂ ᠦᠨᠳᠦᠰᠦᠨ ᠱᠠᠲᠤᠨ ᠤ ᠺᠠᠳ᠋ᠷᠴᠤᠳ ᠲᠤ ᠨᠡᠩ ᠣᠯᠠᠨ ᠴᠠᠭ ᠭᠠᠷᠭᠠᠵᠤ ᠰᠠᠭᠤᠭᠠᠯᠢ ᠠᠷᠠᠳ ᠲᠤ ᠦᠢᠯᠡᠴᠢᠯᠡᠬᠦᠯᠬᠦ ᠬᠡᠷᠡᠭᠲᠡᠶ᠃ ᠠᠷᠠᠳ ᠤᠯᠠᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠤᠴᠢᠷ ᠶᠠᠪᠤᠳᠠᠯ ᠳᠤ ᠰᠡᠳᠬᠢᠯ ᠳᠠᠯᠪᠢᠵᠤ᠂ ᠬᠠᠷᠢᠶ᠎ᠠ ᠣᠷᠣᠨ ᠤ ᠡᠬᠢ ᠪᠠᠶᠠᠯᠢᠭ ᠢ ᠠᠮᠢᠳᠤᠯᠢᠭᠵᠢᠭᠤᠯᠵᠤ᠂ ᠨᠡᠶᠢᠭᠡᠮ ᠲᠣᠭᠤᠷᠢᠭ ᠤᠨ ᠣᠷᠣᠨ ᠵᠠᠢ ᠶᠢ ᠥᠨᠳᠥᠷ ᠪᠦᠲᠦᠮᠵᠢᠲᠡᠢ ᠠᠰᠢᠭᠯᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ ᠬᠡᠵᠡᠢ᠃      ᠬᠠᠨᠳᠠᠢ ᠪᠠᠯᠭᠠᠰᠤᠨ ᠤ ᠵᠤᠤᠬ᠎ᠠ ᠶᠢᠨ ᠬᠤᠭᠤᠯᠠᠢ ᠳᠤᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠭᠤᠤ ᠢ ᠳ᠋ᠦᠩ ᠬᠠᠨᠳᠠᠢ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠢᠯᠡᠳᠦᠯᠭᠡ ᠶᠢ ᠲᠤᠪᠤᠶᠢᠯᠭᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ︽ᠲᠦᠷᠢᠮ︾ ᠢ ᠰᠤᠷᠤᠯᠴᠠᠬᠤ ᠳᠤ ᠬᠡᠷᠡᠭ ᠢᠶᠠᠷ ᠲᠤᠯᠢ ᠪᠤᠯᠭᠠᠨ ᠰᠤᠷᠭᠠᠮᠵᠢ ᠠᠪᠴᠤ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠲᠣᠳᠣᠷᠬᠠᠢ ᠪᠠᠶᠢᠯᠭᠠᠨ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ ᠬᠤᠳᠠ ᠶᠢᠨ ᠲᠡᠭᠦᠷᠭᠡ ᠶᠢᠨ ᠠᠵᠤ ᠠᠬᠤᠶ ᠶᠢ ᠬᠥᠭᠵᠢᠭᠦᠯᠵᠦ᠂ ᠠᠵᠤ ᠦᠢᠯᠡᠰ ᠢᠶᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠵᠤᠭᠠᠴᠠᠯ᠂ ᠨᠤᠤᠯᠤᠭᠤᠷ ᠨᠡᠬᠡᠮᠡᠯ᠂ ᠢᠳᠡᠭᠡᠨ ᠡᠳ᠋ᠰᠢᠭᠦᠯᠬᠦ ᠵᠡᠷᠭᠡ ᠬᠦᠷᠢᠶᠡᠨ ᠳᠤ ᠤᠨᠢᠨ ᠳᠡᠭᠡᠷ᠎ᠡ ᠨᠢ  ᠬᠦᠴᠦᠯᠡᠨ᠂ ᠠᠵᠤ ᠦᠢᠯᠡᠰ ᠢ ᠪᠤᠶᠢᠵᠢᠭᠤᠯᠵᠤ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠵᠡᠷᠬᠡ ᠤᠯᠠᠨ ᠲᠠᠯ᠎ᠠ ᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠶ᠃ ᠣᠨᠴᠠᠭᠠᠢ ᠬᠦᠴᠢᠷᠳᠡᠯᠲᠡᠢ ᠬᠥᠮᠦᠰ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠬᠠᠶᠢᠷᠠᠯᠠᠵᠤ᠂ ᠬᠠᠯᠠᠭᠤᠨ ᠳᠤᠯᠠᠭᠠᠨ ᠦᠢᠯᠡᠴᠢᠯᠡᠭᠡ ᠶᠢ ᠬᠦᠷᠳᠡᠬᠡᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠵᠠᠰᠠᠬᠤ︾ ᠶᠢ ᠤᠶᠠᠯᠳᠤᠭᠤᠯᠵᠤ᠂ ︽ᠪᠠᠭ᠎ᠠ ᠮᠤᠷᠢᠨ ᠳᠤ ᠶᠡᠭᠡ ᠳᠡᠷᠬᠡ ᠬᠦᠯᠯᠡᠬᠦ︾ ᠠᠰᠠᠭᠤᠳᠠᠯ ᠢ ᠰᠢᠢᠳᠪᠦᠷᠢᠯᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠣᠷᠴᠢᠨ ᠲᠣᠭᠤᠷᠢᠨ ᠤ ᠵᠠᠰᠠᠯᠲᠠ᠂ ᠦᠨᠳᠦᠰᠦᠨ ᠱᠠᠲᠤᠨ ᠤ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠵᠤ᠂ ᠨᠠᠮ ᠤᠨ ᠭᠡᠰᠢᠭᠦᠨ ᠤ ᠬᠥᠮᠦᠵᠢᠯ ᠬᠦᠷᠲᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠪᠣᠳᠠᠲᠠᠢ ᠠᠰᠢᠭ ᠬᠦᠷᠳᠡᠬᠦ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃      ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠵᠢᠶᠤᠤ ᠯᠢᠦ ᠼᠦᠨ ᠤ ᠭᠡᠷ ᠲᠤ᠂ ᠭᠤᠤ ᠢ ᠳ᠋ᠦᠩ ᠨᠠᠰᠤᠲᠠᠨ ᠤ ᠠᠮᠢᠳᠤᠷᠠᠯ᠂ ᠦᠢᠯᠡᠳᠪᠦᠷᠢᠯᠡᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠨᠠᠮ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠦᠷᠭᠦᠯᠵᠢᠯᠡᠨ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠬᠦᠰᠡᠪᠡ᠃ ᠬᠤᠯᠪᠣᠭᠳᠠᠯ ᠪᠦᠬᠦᠢ ᠨᠢᠭᠡᠴᠡ ᠳᠤ ᠬᠦᠴᠢᠷᠳᠡᠯᠲᠡᠢ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃      ᠲᠣᠭᠤᠷᠢᠭ ᠤᠨ ᠤᠳᠤᠷᠢᠳᠤᠯᠭ᠎ᠠ ᠯᠢᠦ ᠴᠦᠨ ᠭᠤᠸᠠᠩ᠂ ᠳ᠋ᠦ᠋ ᠵᠢᠢ ᠺᠤᠸᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ