ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡ ᠪᠦᠯᠦᠭ ᠳ᠋ᠦᠩᠱᠧᠩ ᠤᠨ ᠣᠨᠴᠠᠯᠢᠭ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠳᠠᠯᠢ ᠪᠤᠰᠤ ᠦᠮᠴᠢᠯᠡᠯ ᠤᠨ ᠰᠢᠨᠵᠢ ᠴᠢᠨᠠᠷ ᠲᠠᠢ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠴᠡᠷᠢᠭ ᠪᠠᠶᠢᠭᠤᠯᠬᠤ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠬᠦ ᠶᠢ ᠬᠢᠪᠡᠰᠦ ᠵᠣᠬᠢᠬᠤ ᠶᠠᠪᠤᠳᠠᠯ᠂ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠨᠡᠭᠡᠭᠡᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠱᠠᠰᠢᠨ ᠰᠤᠷᠲᠠᠬᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠳ᠋ᠦᠩᠱᠧᠩ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂  ᠳᠤᠲᠠᠭᠳᠠᠯ ᠢᠶᠠᠨ ᠴᠢᠩᠭ᠎ᠠ ᠠᠩᠬᠠᠷᠴᠤ᠂ ᠪᠠᠭᠤᠷᠠᠶ ᠭᠤᠭᠴᠤᠭ᠎ᠠ ᠶᠢ ᠴᠢᠩᠭ᠎ᠠ ᠬᠢᠨᠠᠨ ᠬᠠᠮᠢᠶᠠᠷᠴᠤ ᠵᠠᠰᠠᠬᠤ ᠶᠢ ᠴᠢᠩᠳᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠪᠥᠬᠦ ᠶᠠᠪᠤᠴᠠ ᠶᠢ ᠮᠥᠷᠳᠡᠵᠦ ᠪᠣᠯᠬᠤ᠂ ᠲᠦᠭᠰᠢᠭᠦᠷᠢ ᠶᠢ ᠴᠢᠩᠭ᠎ᠠ ᠡᠵᠡᠮᠳᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠨᠠᠷᠢᠯᠢᠭ ᠣᠨᠣᠴᠠᠲᠠᠶ ᠪᠣᠯᠭᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠰᠣᠨᠣᠰᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠨᠥᠭᠡᠴᠡᠯᠡᠯᠲᠡ ᠶᠢᠨ ᠪᠠᠲᠤᠯᠠᠭ᠎ᠠ ᠶᠢ ᠰᠠᠶᠢᠲᠤᠷ  ᠠᠳᠬᠤᠨ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃   
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ