ᠳ᠋ᠦᠩᠱᠧᠩ ᠲᠣᠭᠤᠷᠢᠭ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠠᠶ᠃ ᠬᠤᠷᠠᠯ ᠠᠴᠠ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠠᠨ ᠲᠤᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ  ᠳᠡᠬᠡᠭᠰᠢᠯᠡᠬᠦᠯᠦᠨ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠬᠡᠷᠡᠭᠵᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠭᠠᠷ ᠭᠦᠢᠴᠡᠳᠬᠡᠯ ᠬᠢᠬᠦ᠂ ᠳᠠᠭᠠᠭᠠᠴᠢᠯᠠᠯᠲᠠ ᠵᠠᠷᠯᠠᠵᠤ ᠠᠵᠢᠯ ᠡᠬᠢᠯᠡᠭᠦᠯᠬᠦ᠂ ᠪᠡᠯᠡ ᠮᠥᠩᠭᠦ ᠶᠢᠨ ᠪᠠᠲᠤᠯᠠᠭ᠎ᠠ ᠶᠢ ᠲᠦᠷᠭᠡᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠬᠡᠭᠰᠢᠯᠡᠬᠦᠯᠦᠨ᠂ ᠠᠵᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ ᠬᠡᠵᠡᠢ᠃ ᠪᠣᠳᠠᠲᠠᠶ ᠠᠷᠭ᠎ᠠ ᠬᠡᠮᠵᠢᠶ᠎ᠡ ᠪᠠᠷ ᠪᠤᠳᠠᠳᠤ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠣᠭᠢᠷᠠᠭᠤᠯᠤᠨ ᠠᠬᠢᠭᠤᠯᠬᠤ ᠶᠢ ᠴᠢᠩᠭᠠᠳᠬᠠᠵᠤ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ ᠲᠥᠷᠥᠯ ᠵᠦᠢᠯ ᠤᠨ ᠭᠠᠵᠠᠷ ᠬᠡᠷᠡᠭᠯᠡᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠠᠬᠢᠴᠠ ᠶᠢ ᠠᠮᠵᠢᠨ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠨᠡᠩ ᠥᠨᠳᠥᠷ ᠦᠷ᠎ᠡ ᠪᠦᠲᠦᠮᠵᠢ ᠲᠠᠢ ᠪᠠᠷ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠠᠬᠢᠭᠤᠯᠬᠤ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠠᠨ ᠲᠦᠮᠡᠨ ᠤ ᠳᠠᠭᠤᠨ ᠢ ᠰᠣᠨᠣᠰᠴᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠬᠠᠭᠤᠯᠤᠨ ᠬᠦᠳᠦᠯᠦᠨ ᠵᠢᠯᠣᠭᠤᠳᠬᠤ᠂ ᠰᠡᠵᠢᠭᠯᠡᠯ ᠢ ᠠᠯᠳᠠᠷᠠᠭᠠᠵᠤ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠤᠷᠤᠭᠰᠢᠲᠠᠢ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠪᠠᠷᠢᠯᠭ᠎ᠠ ᠶᠢᠨ ᠠᠮᠤᠷ ᠲᠦᠪᠰᠢᠨ ᠳᠤ ᠨᠡᠩ ᠴᠢᠩᠭ᠎ᠠ ᠱᠠᠭᠠᠷᠳᠠᠯᠭ᠎ᠠ ᠳᠠᠯᠪᠢᠨ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠡᠯ᠎ᠡ ᠵᠦᠢᠯ ᠤᠨ ᠪᠠᠷᠢᠯᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠬᠤᠳᠠ ᠶᠢᠨ ᠠᠷᠠᠳ ᠤᠯᠠᠨ ᠳᠤ ︽ᠬᠠᠶᠢᠷ᠎ᠠ ᠬᠠᠯᠠᠮᠵᠢᠳᠤ ᠢᠨᠵᠧᠨᠧᠷᠢᠩ︾ ᠠᠴᠠ ᠪᠣᠯᠤᠭᠰᠠᠨ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ ᠬᠡᠵᠡᠢ᠃      ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠭᠤᠤ ᠮᠢᠩ᠂ ᠸᠠᠩ ᡁᠢ᠂ ᠵᠠᠩ ᠵᠢᠶᠠᠨ ᠬᠦᠩ᠂ ᠸᠠᠩ ᠱᠧᠩ ᠷᠦᠩ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ