ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠣᠯᠠᠨ ᠲᠦᠮᠡᠨ ᠤ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠦᠴᠢᠷ ᠠᠰᠠᠭᠤᠳᠠᠯ ᠢ ᠭᠦᠨᠵᠡᠭᠡᠢ ᠵᠠᠳᠠᠯᠤᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠣᠷᠣᠨ ᠰᠠᠭᠤᠴᠠ ᠶᠢᠨ ᠦᠨᠡᠮᠯᠡᠯ ᠢ ᠭᠦᠢᠴᠡᠳᠬᠡᠬᠦ ᠠᠰᠠᠭᠤᠳᠠᠯ ᠢ ᠬᠦᠴᠦᠲᠡᠢ ᠪᠥᠭᠡᠳ ᠪᠦᠲᠦᠮᠵᠢᠲᠡᠢ ᠰᠢᠢᠳᠪᠦᠷᠢᠯᠡᠪᠡ᠃      ᠬᠤᠷᠠᠯ ᠠᠴᠠ᠂ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠨᠢ ᠥᠷᠭᠡᠨ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠪᠠ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠳᠤᠯᠭᠠᠮᠳᠠᠭᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠤᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠤᠭ᠎ᠠ ᠪᠠᠷᠢᠮᠲᠠ ᠶᠢ ᠪᠠᠳᠤᠳᠬᠠᠨ᠂  ᠵᠠᠩᠬᠢᠷᠠᠭ᠎ᠠ ᠶᠢ ᠣᠨᠣᠪᠴᠢᠲᠠᠢ ᠡᠷᠢᠵᠦ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠤᠨ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃ ᠵᠤᠬᠢᠴᠠᠭᠤᠯᠤᠨ ᠬᠠᠮᠵᠢᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠨ᠂ ᠰᠠᠯᠠᠭ᠎ᠠ ᠮᠥᠴᠢᠷ ᠬᠠᠮᠲᠤᠷᠠᠨ  ᠬᠦᠳᠡᠯᠦᠯᠴᠡᠭᠰᠡᠨ ᠦᠢᠯᠡᠳᠤᠯ ᠢ ᠬᠦᠢᠴᠡᠳ ᠪᠠᠳᠠᠷᠠᠭᠤᠯᠤᠨ᠂ ᠨᠡᠪᠳᠡᠷᠡᠯᠴᠡᠭᠡ ᠵᠤᠯᠭᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠠᠭ ᠲᠤᠬᠠᠶ ᠳᠤᠨᠢ ᠪᠠᠲᠤᠯᠠᠵᠤ᠂ ᠣᠯᠠᠨ ᠲᠦᠮᠡᠨ ᠤ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠦᠢᠴᠡᠳᠬᠡᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠬᠠᠮᠢᠶ᠎ᠠ ᠪᠥᠬᠦᠶ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠵᠢᠯᠣᠭᠤᠳᠣᠯᠭ᠎ᠠ ᠶᠢ ᠰᠠᠶᠢᠲᠤᠷ ᠬᠢᠵᠦ᠂ ᠠᠰᠠᠭᠤᠳᠠᠯ ᠢ ᠰᠢᠢᠳᠪᠤᠷᠢᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠦᠢᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠨ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃      ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠸᠠᠩ ᠱᠧᠩ ᠷᠦᠩ ᠬᠤᠷᠠᠯ ᠳᠤ ᠣᠷᠣᠯᠴᠠᠪᠠ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ