ᠬᠠᠨ ᠲᠤᠤ ᠪᠤᠷᠵᠠᠩᠨᠠᠭᠤᠷ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠳᠤᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 27 ᠤ ᠡᠳᠤᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠤᠷᠵᠠᠩᠨᠠᠭᠤᠷ ᠪᠠᠯᠭᠠᠰᠤᠨ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠯᠡᠰᠦ ᠶᠢ ᠰᠡᠷᠬᠡᠶᠢᠯᠡᠨ ᠡᠯᠡᠰᠦ ᠶᠢ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠬᠦᠴᠢᠷᠳᠡᠯᠲᠡᠢ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠪᠠ᠃      ᠪᠤᠷᠵᠠᠩᠨᠠᠭᠤᠷ ᠪᠠᠯᠭᠠᠰᠤᠨ ᠤ ᠰᠢᠪᠠᠷ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠬᠠᠨ ᠲᠤᠤ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ ᠤ ᠪᠦᠳᠦᠭᠡᠨ ᠪᠠᠶᠢᠭᠤᠯᠤᠯᠲᠠ᠂ ᠨᠠᠮ ᠤᠨ ᠰᠠᠬᠢᠯᠭ᠎ᠠ ᠪᠠᠳᠤ ᠶᠢᠨ ᠰᠤᠷᠤᠯᠴᠠᠯᠭ᠎ᠠ ᠬᠥᠮᠦᠵᠢᠯ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠤᠨ ᠲᠠᠷᠢᠶᠠᠯᠠᠩ ᠤᠨ ᠮᠠᠰᠢᠨ ᠮᠧᠬᠠᠨᠢᠭ ᠤᠨ ᠬᠠᠮᠲᠤᠷᠠᠯᠴᠠᠭ᠎ᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠴᠤᠩᠬᠤᠪᠴᠢ ᠶᠢᠨ ᠴᠢᠬᠤᠯᠠ ᠭᠠᠵᠠᠷ ᠮᠥᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ ᠤᠯᠠᠨ ᠲᠦᠮᠡᠨ ᠲᠠᠢ ᠨᠢᠭᠲᠠ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠨ᠂ ᠲᠤᠰ ᠭᠠᠵᠠᠷ ᠤᠨ ᠡᠬᠢ ᠪᠠᠶᠠᠯᠢᠭ ᠢ ᠠᠭᠤᠳᠠᠯᠵᠤ᠂ ᠠᠵᠢᠯᠯᠠᠭᠠᠨ ᠤ ᠬᠡᠯᠪᠡᠷᠢ ᠪᠠᠨ ᠪᠠᠶᠠᠯᠢᠭᠵᠢᠭᠤᠯᠤᠨ᠂ ᠴᠢᠳᠠᠪᠬᠢ ᠶᠢᠨ ᠲᠤᠬᠢᠷᠠᠭᠤᠯᠤᠯᠳᠠ ᠶᠢ ᠰᠢᠨᠡᠴᠢᠯᠡᠵᠦ᠂ ᠣᠷᠣᠯᠴᠠᠬᠤ ᠬᠦᠴᠦᠨ ᠢ ᠦᠷᠬᠡᠳᠬᠡᠨ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠰᠡᠳᠬᠢᠯ ᠲᠠᠯᠪᠢᠨ ᠬᠦᠴᠦ ᠣᠷᠣᠭᠤᠯᠤᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠬᠡᠵᠡᠢ᠃      ᠶᠢᠦ ᠹᠠᠩ ᠤᠨ ᠬᠤᠭᠤᠯᠠᠢ ᠶᠢᠨ ᠨᠡᠭᠦᠷᠡᠰᠦᠨ ᠠᠭᠤᠷᠬᠠᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠬᠠᠨ ᠲᠤᠤ ᠠᠭᠤᠷᠬᠠᠢ ᠶᠢᠨ ᠣᠷᠣᠨ ᠤ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠷᠬᠢᠨ ᠲᠣᠭᠤᠷᠢᠨ ᠤ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢ ᠴᠢᠩᠭᠠᠳᠬᠠᠨ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠴᠠᠭ ᠲᠤᠬᠠᠢ ᠳᠤᠨᠢ ᠮᠥᠷᠳᠡᠨ ᠦᠢᠯᠡᠴᠢᠯᠡᠵᠦ᠂ ᠲᠦᠷᠦᠯ ᠵᠦᠢᠯ ᠢ ᠤᠷᠤᠭᠰᠢᠲᠠᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠪᠠᠷ ᠲᠦᠷᠦᠯ ᠵᠦᠢᠯ ᠤᠨ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ ᠬᠡᠵᠤ ᠬᠡᠯᠡᠪᠡ᠃      ᠰᠢ ᠯᠢᠦ ᠭᠸᠦ ᠶᠢᠨ ᠰᠠᠪᠠ ᠭᠠᠵᠠᠷ ᠢ ᠵᠠᠰᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠬᠠᠨ ᠲᠤᠤ ᠨᠦᠯᠦᠮᠡᠯ ᠭᠠᠵᠠᠷ ᠤᠨ ᠬᠠᠰᠢᠯᠭ᠎ᠠ ᠶᠢᠨ ᠠᠵᠢᠯᠯᠠᠭᠠᠨ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ᠂ ᠭᠤᠤᠯ ᠤᠨ ᠵᠠᠮ ᠢ ᠴᠡᠭᠴᠡᠯᠡᠨ ᠵᠠᠰᠠᠬᠤ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠦᠨᠳᠦᠰᠦᠨ ᠰᠡᠳᠬᠢᠴᠡ ᠶᠢ ᠪᠠᠷᠢᠮᠳᠠᠯᠠᠵᠤ᠂ ᠠᠮᠢ ᠠᠬᠤᠢ ᠶᠢᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠪᠣᠯᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃      ᠠᠬᠠᠮᠠᠳ ᠨᠠᠮ ᠤᠨ ᠭᠡᠰᠢᠭᠦᠨ ᠽᠢ ᠸᠧᠨ ᠬᠤᠸᠠᠨ ᠤ ᠭᠡᠷ ᠲᠤ᠂ ᠬᠠᠨ ᠲᠤᠤ ᠨᠠᠰᠤᠲᠠᠨ ᠤ ᠠᠮᠢᠳᠤᠷᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠢ ᠢᠲᠡᠭᠡᠯ ᠵᠣᠷᠢᠭ᠂ ᠪᠠᠶᠠᠷ ᠪᠠᠶᠠᠰᠬᠤᠯᠠᠩᠳᠠᠢ ᠠᠮᠢᠳᠤᠷᠠᠬᠤ ᠶᠢ ᠵᠣᠷᠢᠭᠵᠢᠭᠤᠯᠪᠠ᠃ ᠬᠤᠯᠪᠤᠭᠳᠠᠯ ᠪᠦᠬᠦᠢ ᠪᠠᠯᠭᠠᠰᠤ ᠲᠣᠰᠬᠤᠨ ᠪᠠᠶᠢᠩᠭᠤ ᠶᠢᠨ ᠰᠤᠷᠪᠤᠯᠵᠢᠯᠠᠭ᠎ᠠ ᠥᠷᠨᠢᠭᠦᠯᠵᠦ᠂ ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠪᠣᠳᠠᠲᠠᠢ ᠬᠦᠴᠢᠷᠳᠡᠯ ᠤᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠠᠬᠠᠮᠠᠳ ᠨᠠᠮ ᠤᠨ ᠭᠡᠰᠢᠭᠦᠨ ᠢ ᠨᠡᠩ ᠲᠠᠭᠠᠯᠠᠮᠵᠢᠲᠠᠢ᠂ ᠵᠣᠯ ᠵᠢᠷᠭᠠᠯ ᠲᠠᠢ ᠠᠮᠢᠳᠤᠷᠠᠭᠤᠯᠬᠤ ᠬᠡᠷᠡᠭᠲᠡᠢ ᠭᠡᠵᠦ ᠵᠠᠬᠢᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ