ᠲᠣᠭᠤᠷᠢᠭ ᠤᠨ ᠨᠠᠮ ᠤᠨ ᠬᠤᠷᠢᠶ᠎ᠠ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠤᠷᠳᠤᠰ ᠤᠨ 2024 ᠣᠨ ᠤ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠵᠢᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠤᠷᠠᠯ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2024/6/4
     6 ᠰᠠᠷ᠎ᠠ ᠶᠢᠨ 4 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠳᠣᠰ ᠤᠨ 2024 ᠣᠨ ᠤ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠵᠢᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃     ᠬᠤᠷᠠᠯ ᠠᠴᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠤᠷᠠᠯ ᠤᠨ ᠴᠢᠨᠠᠷ ᠴᠢᠨᠰᠠᠭ᠎ᠠ ᠲᠠᠢ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠷᠠᠯ ᠤᠨ ᠶᠠᠪᠤᠴᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠤᠯᠤᠰ ᠤᠨ ᠴᠢᠨᠠᠷ ᠰᠠᠶᠢᠲᠠᠢ ᠮᠠᠰᠢᠨ ᠲᠡᠷᠭᠡᠨ ᠤ ᠢᠵᠢ ᠪᠦᠷᠢᠳᠦᠭᠰᠡᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠠᠵᠤ ᠠᠬᠤᠶᠢᠯᠠᠯ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠥᠷᠭᠡᠨ ᠢᠶᠠᠷ ᠤᠷᠢᠵᠤ᠂ ᠬᠤᠷᠠᠯ ᠤᠨ ᠶᠠᠪᠤᠳᠠᠯ ᠤᠨ ᠲᠤᠬᠢᠷᠠᠭᠤᠯᠤᠯᠳᠠ ᠪᠣᠯᠤᠨ ᠠᠮᠤᠷ ᠲᠦᠪᠰᠢᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠪᠣᠯᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠳᠡᠯᠭᠡᠨ ᠦᠵᠡᠭᠦᠯᠵᠦ᠂ ᠨᠡᠩ ᠤᠯᠠᠨ ᠴᠢᠳᠠᠪᠤᠷᠢᠲᠠᠨ ᠢ ᠴᠤᠭᠯᠠᠷᠠᠭᠤᠯᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠷᠠᠯ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠬᠠᠮᠲᠤᠷᠠᠯᠴᠠᠭᠠᠨ ᠤ ᠬᠥᠭᠦᠷᠭᠡ ᠶᠢ ᠪᠤᠰᠬᠠᠵᠤ᠂ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠤᠨ ᠳᠠᠶᠢᠴᠢᠯᠠᠯᠲᠠ ᠶᠢ ᠴᠢᠩᠭᠠᠳᠬᠠᠵᠤ᠂ ᠳᠡᠭᠡᠳᠦ ᠳᠤᠤᠷᠠᠳᠤ ᠤᠷᠤᠰᠬᠠᠯ ᠤᠨ ᠪᠦᠲᠦᠮᠵᠢᠲᠡᠢ ᠵᠣᠯᠭᠠᠯᠴᠠᠭ᠎ᠠ ᠶᠢ ᠠᠬᠢᠭᠤᠯᠤᠨ᠂ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠵᠢᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠳᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠮᠠᠰᠢᠨ ᠲᠡᠷᠭᠡᠨ ᠤ ᠠᠵᠤ ᠦᠢᠯᠡᠰ ᠤᠨ ᠰᠦᠷᠦᠭᠵᠢᠯ ᠤᠨ ᠮᠠᠶ᠋ᠢᠭ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠂ ᠤᠷᠳᠤᠰ ᠤᠨ ᠮᠠᠰᠢᠨ ᠲᠡᠷᠭᠡᠨ ᠤ ᠠᠵᠤ ᠦᠢᠯᠡᠰ ᠤᠨ ᠪᠦᠬᠦ ᠤᠯᠤᠰ ᠲᠠᠬᠢ ᠨᠥᠯᠥᠭᠡᠯᠡᠬᠦ ᠬᠦᠴᠦᠨ᠂ ᠲᠠᠲᠠᠬᠤ ᠬᠦᠴᠦᠨ᠂ ᠲᠦᠪᠯᠡᠷᠡᠬᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠯᠢᠦ ᠬᠤᠢ ᠪᠢᠨ᠂ ᠯᠢ ᠫᠧᠩ᠂ ᠭᠦᠸᠧ ᠵᠢᠶᠦ᠋ᠨ᠂ ᠳ᠋ᠦ᠋ ᠵᠢᠢ ᠺᠤᠸᠠᠨ᠂ ᠯᠢᠦᠢ ᠨᠠ᠂ ᠸᠠᠩ ᡁᠢ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ