ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠪᠡ
ᠨᠡᠶᠢᠲᠡᠯᠡᠭᠰᠡᠨ ᠴᠠᠭ᠄
2024/6/4
    4 ᠰᠠᠷ᠎ᠠ ᠶᠢᠨ ᠰᠡᠭᠦᠯᠴᠢ ᠪᠣᠯᠲᠠᠯ᠎ᠠ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 292.6 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 4.9% ᠪᠠᠷ ᠪᠠᠭᠤᠷᠠᠪᠠ᠃ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 229.3 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 3.7% ᠪᠠᠷ ᠪᠠᠭᠤᠷᠠᠪᠠ︔ ᠨᠡᠬᠡᠮᠡᠯ ᠬᠤᠪᠴᠠᠰᠤ ᠵᠠᠰᠠᠯ ᠤᠨ ᠡᠵᠡᠩᠨᠡᠯᠲᠡ ᠶᠢᠨ ᠣᠷᠣᠯᠭ᠎ᠠ 5.7 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ︔ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠤᠶᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 0.2 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠪᠠ︔ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠦᠨ ᠲᠥᠬᠦᠭᠡᠷᠦᠮᠵᠢ ᠤᠶᠢᠯᠡᠳᠬᠦ ᠦᠢᠯᠡᠰ ᠤᠨ ᠣᠷᠣᠯᠭ᠎ᠠ ᠶᠢ 15.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ  ᠠᠴᠠ 7.5% ᠪᠠᠷ ᠨᠡᠮᠡᠭᠳᠡᠪᠡ︔ ᠮᠠᠰᠢᠨ ᠲᠡᠷᠭᠡᠨ ᠤ ᠤᠶᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 11.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.1% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠣᠷᠣᠯᠭ᠎ᠠ ᠶᠢ 23.8 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 0.8% ᠪᠠᠷ ᠪᠠᠭᠤᠷᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ