ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 5 ᠤ ᠡᠳᠦᠷ ᠤᠨ ᠴᠠᠭᠢᠯᠭᠠᠨ ᠮᠡᠳᠡᠭᠡ 6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ | ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ | ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠨ᠂ | ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ | ᠡᠷᠬᠢᠯᠡᠬᠦ ᠳᠤ ᠪᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠬᠢᠭᠡᠳ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠢ ᠬᠢᠭᠡᠳ ᠠᠷᠭ᠎ᠠ | ᠬᠡᠯᠪᠡᠷᠢ ᠪᠠᠷ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠮᠡᠨ ᠴᠢᠩᠭᠠᠳᠬᠠᠭᠰᠠᠨ ᠪᠠᠶᠢᠨ᠎ᠠ᠃ | ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠬᠢᠷᠤᠯ ᠮᠠ ᠬᠤᠸᠠᠢ ᠳ᠋ᠧ ᠲᠠᠶᠢᠯᠤᠮᠵᠢ ᠬᠢᠪᠡ᠃ ᠲᠥᠷᠥ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠦ᠋ ᠵᠧᠩ | ᠯᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | | | | 6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠨ᠂ ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠣᠷᠪᠣᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ | ᠯᠢ ᠴᠢᠶᠠᠩ ᠢᠯᠡᠳᠬᠡᠯ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯ | ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭᠠᠲᠤ ᠡᠭᠦᠷᠭᠡ ᠪᠠ ᠭᠤᠣᠯ ᠴᠣᠭᠴᠠᠲᠤ ᠢᠨᠵᠧᠨᠧᠷᠢᠩ ᠮᠥᠨ᠃ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠦᠨᠳᠦᠰᠦᠨ ᠬᠠᠤᠯᠢ ᠪᠠ | ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠳᠤ | ᠨᠡᠩ ᠪᠠᠲᠤ ᠪᠠᠬᠢ ᠪᠠᠲᠤᠯᠠᠭ᠎ᠠ ᠬᠠᠩᠭᠠᠵᠠᠢ᠃ ᠣᠶᠢᠷ᠎ᠠ ᠶᠢᠨ ᠵᠢᠯ ᠤᠳ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠢ | ᠠᠬᠢᠴᠠ ᠲᠠᠢ ᠪᠣᠯᠪᠠ᠃ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯᠲᠠᠳ ᠬᠠᠤᠯᠢ ᠪᠠᠷ ᠵᠠᠰᠠᠬᠤ ᠤᠬᠠᠮᠰᠠᠷ ᠢᠶᠠᠨ ᠴᠢᠨᠠᠭᠰᠢᠳᠠ | ᠤᠯᠠᠮ ᠴᠢᠩᠭᠠᠳᠬᠠᠵᠤ᠂ ᠬᠠᠤᠯᠢ ᠪᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠳᠠᠳᠬᠠᠯ ᠲᠠᠢ ᠪᠣᠯᠣᠭᠠᠳ᠂ ᠵᠠᠰᠠᠭ ᠤᠨ ᠣᠷᠳᠣᠨ ᠤ | ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠷᠨᠢᠭᠦᠯᠵᠦ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠨᠠᠩ ᠰᠠᠶᠢᠲᠤᠷ ᠲᠤᠭᠤᠰᠢᠯᠠᠭᠤᠯᠵᠤ᠂ | ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ ᠬᠡᠷᠡᠭᠲᠡᠢ ᠬᠡᠮᠡᠨ ᠵᠢᠭᠠᠨ ᠭᠠᠷᠭᠠᠵᠠᠢ᠃ | ᠯᠢ ᠴᠢᠶᠠᠩ ᠵᠢᠭᠠᠨ ᠭᠠᠷᠭᠠᠬᠤ ᠳᠤ ᠪᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠠᠬᠢᠭᠤᠯᠤᠨ᠂ ᠬᠠᠤᠯᠢ ᠲᠣᠭᠲᠠᠭᠠᠬᠤ ᠪᠠᠭᠤᠷᠠᠢ ᠪᠠ | ᠬᠤᠭᠤᠰᠤᠨ ᠢ ᠲᠦᠷᠭᠡᠬᠡᠨ ᠨᠥᠬᠦᠪᠦᠷᠢᠯᠡᠵᠦ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠦᠨᠳᠦᠰᠦᠯᠡᠬᠦ ᠬᠠᠤᠯᠢ ᠴᠠᠭᠠᠵᠠ ᠲᠠᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠂ ᠲᠡᠷᠡᠴᠢᠯᠡᠨ ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠳᠤ ᠡᠰᠡ ᠳᠣᠬᠢᠷᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠠᠰᠠ ᠴᠠᠭ | ᠲᠤᠬᠠᠢ ᠳᠤ ᠨᠢ ᠵᠠᠰᠠᠪᠤᠷᠢᠯᠠᠬᠤ ᠪᠤᠶᠤ ᠴᠤᠴᠠᠯᠬᠤ ᠪᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠵᠢᠵᠢᠭ ᠲᠦᠷᠭᠡᠨ | ᠤᠶᠠᠨ︾᠂ ᠬᠠᠨᠳᠤᠯᠭᠠᠲᠤ ᠴᠢᠨᠠᠷ ᠢᠶᠠᠷ ᠴᠢᠩᠭ᠎ᠠ ᠬᠠᠤᠯᠢ ᠳᠣᠭᠲᠠᠭᠠᠯᠲᠠ ᠶᠢ ᠢᠯᠡᠭᠦᠬᠡᠨ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠢ ᠬᠠᠪᠰᠤᠷᠤᠨ | ᠪᠣᠳᠠᠲᠠᠢ ᠠᠰᠠᠭᠤᠳᠠᠯ ᠢ ᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠂ | ᠡᠷᠴᠢᠮ ᠬᠦᠴᠦᠲᠡᠢ ᠪᠠᠶᠢᠵᠤ᠂ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ | ᠪᠠᠷᠢᠮᠲᠠᠯᠠᠬᠤ ᠬᠡᠷᠡᠭᠲᠡᠢ ᠪᠠᠷ ᠦᠯᠦ ᠪᠠᠷᠠᠮ ᠪᠠᠰᠠ ᠰᠡᠳᠬᠢᠯᠭᠡ ᠲᠠᠢ ᠪᠠᠶᠢᠵᠤ᠂ ᠴᠢᠬᠤᠯᠠ ᠲᠠᠢ ᠦᠶ᠎ᠡ ᠳᠤ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ᠂ | ᠬᠥᠮᠥᠡᠯᠢᠭ ᠢᠶᠠᠷ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ᠂ ᠡᠷᠬᠡ ᠲᠡᠭᠰᠢ ᠲᠥᠪ ᠭᠤᠣᠯᠴᠢ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ | ᠪᠤᠢ ᠪᠣᠯᠭᠠᠬᠤ ᠬᠡᠷᠡᠭᠲᠡᠢ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶᠠᠨ ᠤ ᠳᠦᠷᠢᠮ ᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠰᠢᠢᠳᠬᠡᠬᠦ ᠪᠠᠷᠢᠮᠵᠢᠶ᠎ᠠ ᠨᠢᠭᠡᠳᠦᠯᠲᠡᠢ᠂ ᠳᠠᠷᠠᠭᠠᠯᠠᠯ ᠲᠥᠪ ᠭᠤᠤᠯᠴᠢ᠂ ᠦᠷ᠎ᠡ | ᠳ᠋ᠦᠩ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠯᠲᠠ ᠪᠠᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ | ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ | ᠮᠥᠷᠲᠡᠭᠡᠨ ᠵᠠᠰᠠᠭ ᠵᠠᠬᠢᠷᠭᠠᠨ ᠤ ᠬᠢᠨᠠᠯᠲᠠ ᠪᠠᠨ ᠲᠡᠭᠦᠯᠳᠡᠷᠵᠢᠭᠦᠯᠦᠨ᠂ ᠬᠢᠨᠠᠯᠲᠠ ᠲᠠᠢ ᠨᠥᠬᠦᠴᠡᠯ ᠳᠣᠣᠷ᠎ᠠ ᠡᠷᠬᠡ ᠪᠠᠨ ᠬᠡᠷᠡᠭᠵᠢᠭᠦᠯᠬᠦ ᠳᠠᠳᠬᠠᠯ ᠬᠢᠭᠡᠳ ᠤᠬᠠᠮᠰᠠᠷ ᠢ | ᠪᠤᠢ ᠪᠣᠯᠭᠠᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠢᠯᠡ ᠪᠠᠷ ᠶᠠᠪᠤᠭᠳᠠᠭᠤᠯᠬᠤ ᠬᠡᠷᠡᠭᠲᠡᠢ ᠭᠡᠯᠡ᠃ | ᠯᠢ ᠴᠢᠶᠠᠩ ᠴᠢᠬᠤᠯᠠᠴᠢᠯᠠᠬᠤ ᠳᠤ ᠪᠠᠨ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠵᠠᠰᠠᠭ ᠶᠠᠪᠤᠭᠤᠯᠬᠤ | ᠴᠢᠳᠠᠪᠤᠷᠢ ᠪᠠ ᠲᠦᠪᠰᠢᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ | ᠬᠥᠮᠦᠵᠢᠯ ᠪᠣᠯᠪᠠᠰᠤᠷᠠᠯ ᠢ ᠦᠨᠡᠨ ᠬᠦ ᠴᠢᠩᠭᠠᠳᠬᠠᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢᠨ ᠲᠣᠭᠤᠷᠢᠨ ᠳᠤ | ᠬᠤᠯᠪᠤᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠳ ᠢ ᠲᠣᠬᠢᠷᠠᠭᠤᠯᠤᠨ | ᠰᠢᠯᠢᠳᠡᠭᠵᠢᠭᠦᠯᠬᠦ ᠪᠠᠨ ᠠᠬᠢᠭᠤᠯᠵᠤ᠂ ᠬᠠᠤᠯᠢ ᠶᠣᠰᠣᠭᠠᠷ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃ |