ᠬᠠᠨ ᠲᠤᠤ ᠬᠡᠰᠡᠭ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/6
     6 ᠰᠠᠷ᠎ᠠ ᠶᠢᠨ 4 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠤᠷᠳᠤᠰ ᠪᠠᠩᠬᠢ᠂ ᠤᠷᠳᠤᠰ ᠤᠨ ᠭᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠳ᠋ᠦᠡᠭᠱᠸᠡᠭ ᠤᠨ ᠮᠧᠩ ᠶᠢᠨ ᠲᠤᠰᠬᠤᠨ ᠪᠠᠯᠭᠠᠰᠤ ᠶᠢᠨ ᠪᠠᠩᠬᠢ ᠵᠡᠷᠭᠡ ᠮᠦᠡᠭᠭᠦᠨ ᠭᠦᠢᠯᠭᠡᠭᠡᠨ ᠤ ᠠᠵᠤ ᠠᠬᠤᠢᠢᠯᠠᠯ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠵᠦ᠂ ᠦᠭᠡᠷᠡᠴᠢᠯᠠᠯᠳᠠ ᠪᠠᠷ ᠠᠶᠤᠯ ᠳᠦᠭᠰᠢᠬᠦᠷᠢ ᠶᠢ ᠠᠷᠢᠯᠭᠠᠬᠤ᠂ ᠡᠵᠡᠩᠨᠡᠯᠳᠡ ᠬᠠᠮᠢᠶᠠᠷᠤᠯᠳᠠ᠂ ᠮᠦᠡᠭᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠤᠢᠢᠯᠠᠭᠠᠬᠤ ᠶᠢᠨ ᠬᠠᠮᠳᠤ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠨ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠪᠠ᠃     ᠬᠠᠨ ᠲᠣᠣ᠂ ᠮᠥᠩᠭᠦᠨ ᠭᠦᠢᠯᠭᠡᠭᠡ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠮᠥᠨ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠲᠡᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡᠨ ᠤ ᠤᠶᠢᠯᠡᠳᠬᠦᠨ ᠢ ᠤᠯᠠᠮ ᠴᠢᠨᠠᠭᠰᠢᠳᠠ ᠪᠠᠶᠠᠯᠢᠭᠵᠢᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠪᠡᠯᠡ ᠬᠤᠷᠠᠮᠳᠤᠭᠤᠯᠬᠤ ᠬᠡᠷᠡᠭᠴᠡᠭᠡ ᠶᠢ ᠬᠠᠩᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠨᠡᠪᠲᠡᠷᠡᠯᠴᠡᠭᠡ ᠵᠣᠯᠭᠠᠯᠴᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠡᠷᠡᠭᠯᠡᠭᠡ ᠶᠢᠨ ᠲᠠᠰ ᠳᠡᠪᠰᠢᠯᠳᠡ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠵᠡᠷᠭᠡ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠬᠡᠷᠡᠭᠲᠡᠶ᠃ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠬᠠᠮᠵᠢᠯᠴᠠᠨ ᠬᠦᠴᠦᠯᠡᠬᠦ ᠶᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠪᠡ᠃     ᠲᠣᠭᠤᠷᠢᠭ ᠤᠨ ᠤᠳᠤᠷᠢᠳᠤᠯᠭ᠎ᠠ ᠸᠠᠩ ᠬᠤᠢ ᠴᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ