ᠲᠣᠭᠤᠷᠢᠭ ᠤᠨ ᠨᠠᠮ ᠤᠨ ᠬᠤᠷᠢᠶ᠎ᠠ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠪᠠ
ᠨᠡᠶᠢᠲᠡᠯᠡᠭᠰᠡᠨ ᠴᠠᠭ᠄
2024/6/6
     6 ᠰᠠᠷ᠎ᠠ ᠶᠢᠨ 4 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠯᠭᠠᠷᠠᠵᠤ ᠪᠠᠶᠢᠭ᠎ᠠ ᠠᠵᠤ ᠠᠬᠤᠢ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠵᠤ ᠠᠬᠤᠢ ᠶᠢᠨ ᠠᠵᠢᠯ ᠢ ᠴᠢᠬᠤᠯᠠ ᠪᠠᠶᠢᠷᠢᠨ ᠳᠤ ᠳᠠᠯᠪᠢᠨ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠤᠪᠢᠷᠠᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠳᠤ ᠭᠠᠷᠭᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠭᠤᠣᠯᠳᠠᠯᠭ᠎ᠠ ᠲᠠᠢ ᠠᠩᠬᠠᠷᠴᠤ᠂ ᠠᠵᠢᠯ ᠤᠨ ᠰᠡᠳᠬᠢᠴᠡ ᠪᠠᠨ ᠴᠢᠨᠠᠭᠰᠢᠳᠠ ᠡᠮᠬᠢᠯᠡᠨ᠂ ᠳᠠᠯᠳᠠ ᠬᠦᠴᠦᠨ ᠢ ᠠᠭᠤᠳᠠᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠤᠯᠭᠠᠨ ᠬᠦᠭᠵᠢᠬᠦᠯᠬᠦ ᠶᠢᠨ ᠬᠠᠮᠳᠤ ᠪᠦᠷᠢᠳᠬᠡᠯ  ᠳᠤ ᠤᠷᠤᠭᠤᠯᠬᠤ ᠠᠵᠢᠯ ᠪᠠ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠠᠭ ᠲᠤᠬᠠᠢ ᠳᠤᠨᠢ ᠴᠢᠨᠠᠷ ᠰᠠᠶᠢᠲᠠᠢ ᠦᠢᠯᠡᠴᠢᠯᠡᠭᠡ ᠬᠠᠩᠭᠠᠨ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠪᠦᠷᠢᠳᠬᠡᠪᠡᠰᠤ ᠵᠣᠬᠢᠬᠤ ᠶᠢ ᠨᠢ ᠪᠦᠬᠦᠨ ᠢ ᠪᠦᠷᠢᠳᠬᠡᠵᠤ ᠪᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠤᠷᠤᠭᠤᠯᠵᠤ ᠪᠤᠯᠬᠤ ᠶᠢ ᠨᠢ ᠪᠦᠬᠦᠨ ᠢ ᠤᠷᠤᠭᠤᠯᠬᠤ ᠠᠵᠢᠯ ᠢ ᠤᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ ᠲᠥᠷᠥᠯ ᠵᠤᠶᠢᠯ ᠤᠨ ᠭᠠᠷᠳᠠᠮ ᠢ ᠬᠦᠢᠴᠡᠳᠬᠡᠬᠦ ᠳᠤᠮᠳᠠ ᠢᠯᠡᠷᠡᠭᠰᠡᠨ ᠬᠦᠴᠢᠷ ᠠᠰᠠᠭᠤᠳᠠᠯ᠂ ᠲᠦᠭᠵᠢᠷᠡᠯ ᠢ ᠢᠳᠡᠪᠬᠢᠲᠡᠶ ᠵᠣᠬᠢᠴᠠᠭᠤᠯᠤᠨ ᠰᠢᠢᠳᠪᠤᠷᠢᠯᠡᠵᠤ᠂ ᠠᠰᠠᠭᠤᠳᠠᠯ ᠢ ᠰᠢᠢᠳᠪᠤᠷᠢᠯᠡᠬᠦ ᠠᠷᠭ᠎ᠠ ᠬᠡᠮᠵᠢᠶ᠎ᠡ᠂ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠤᠶᠢᠯ ᠤᠨ ᠠᠵᠢᠯ ᠡᠬᠢᠯᠡᠭᠦᠯᠬᠦ ᠶᠢ ᠠᠬᠢᠭᠤᠯᠵᠤ᠂ ᠬᠦᠢᠴᠡᠳ ᠪᠤᠳᠠᠳᠠᠢ ᠪᠠᠯᠠ ᠮᠥᠩᠭᠦ᠂ ᠦᠨᠡᠨ ᠪᠤᠳᠠᠳᠠᠢ ᠲᠤᠭ᠎ᠠ ᠪᠠᠷᠢᠮᠳᠠ ᠪᠠᠷ ᠪᠦᠷᠢᠳᠬᠡᠯ ᠳᠤ ᠤᠷᠤᠬᠤ ᠶᠢ ᠠᠬᠢᠭᠤᠯᠬᠤ ᠬᠡᠷᠡᠭᠲᠡᠶ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠳᠡᠭᠡᠳᠦ ᠲᠡᠰ ᠤᠨ ᠨᠡᠬᠡᠮᠡᠯ᠂ ᠰᠢᠨ᠎ᠡ ᠡᠨᠧᠷᠭᠢ᠂ ᠳᠡᠯᠭᠡᠴᠡ ᠵᠡᠷᠭᠡ ᠳᠠᠪᠠᠭᠤᠯᠢᠭ ᠠᠵᠤ ᠦᠢᠯᠡᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠠᠬᠢᠭᠤᠯᠤᠨ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠨ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠸᠠᠩ ᠫᠢᠩ᠂ ᠯᠢᠦ ᠬᠤᠢ ᠪᠢᠨ᠂ ᠴᠧᠨ ᠶᠦᠩ᠂ ᠯᠢ ᠫᠧᠩ᠂ ᠭᠤᠤ ᠮᠢᠩ᠂ ᠳ᠋ᠦ᠋ ᠵᠢᠢ ᠺᠥᠸᠠᠨ᠂ ᠶᠠᠩ ᠶᠦᠨ᠂ ᠸᠠᠩ ᡁᠢ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ