ᠲᠤᠭᠤᠷᠢᠭ ᠤᠨ ᠨᠠᠮ ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠣᠷᠣᠨ ᠰᠠᠭᠤᠴᠠ ᠶᠢᠨ ᠬᠦᠷᠢᠶᠡᠨ ᠤ ︽ᠦᠨᠡᠮᠯᠡᠯ ᠠᠪᠬᠤ ᠳᠤ ᠬᠦᠴᠢᠷ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 4 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠶᠢᠨ ᠬᠦᠷᠢᠶᠡᠨ ᠤ ︽ᠦᠨᠡᠮᠯᠡᠯ ᠠᠪᠬᠤ ᠳᠤ ᠬᠦᠴᠢᠷ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃     ᠬᠤᠷᠠᠯ ᠠᠴᠠ᠂ ᠣᠷᠣᠨ ᠰᠠᠭᠤᠴᠠ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠨᠢ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ ᠤᠯᠠᠨ ᠲᠦᠮᠡᠨ ᠤ ᠦᠨᠡᠨ ᠪᠣᠳᠠᠲᠠᠢ ᠠᠰᠢᠭ ᠲᠤᠰᠠ ᠲᠠᠢ ᠬᠤᠯᠪᠣᠭᠳᠠᠨ᠎ᠠ᠂ ᠤᠯᠠᠨ ᠲᠦᠮᠡᠨ ᠳᠤ ᠠᠯᠳᠠᠭ᠎ᠠ ᠪᠤᠷᠤᠭᠤ ᠦᠭᠡᠢ ᠪᠠᠶᠢᠬᠤ ᠵᠠᠷᠴᠢᠮ ᠶᠣᠰᠣᠭᠠᠷ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠡᠳᠬᠢᠯ ᠲᠠᠯᠪᠢᠨ ᠬᠦᠴᠦ ᠣᠷᠣᠭᠤᠯᠤᠨ ᠦᠯᠡᠳᠡᠭᠳᠡᠯ ᠠᠰᠠᠭᠤᠳᠠᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠬᠦ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠨᠢᠭᠡᠴᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠶᠢᠯᠢ ᠰᠦᠢᠳᠬᠡᠯ ᠢ ᠨᠡᠬᠡᠮᠵᠢᠯᠡᠨ ᠲᠤᠰᠢᠶᠠᠬᠤ ᠶᠢ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠳᠠᠮᠵᠢᠭᠤᠯᠵᠤ᠂ ᠦᠨᠡᠨ ᠬᠦ ᠴᠢᠩᠭ᠎ᠠ ᠰᠤᠷᠲᠠᠯ᠂ ᠴᠢᠩᠭ᠎ᠠ ᠪᠠᠷᠢᠮᠵᠢᠶ᠎ᠠ᠂ ᠴᠢᠩᠭ᠎ᠠ ᠬᠦᠭ ᠠᠶᠠᠰ ᠢᠶᠠᠷ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠨᠢᠶᠧ ᠵᠢᠶᠦ᠋ᠨ᠂ ᠭᠤᠤ ᠮᠢᠩ᠂ ᠳ᠋ᠦ᠋ ᠵᠢᠢ ᠺᠤᠸᠠᠨ᠂ ᠵᠠᠩ ᠪᠢᠩ᠂ ᠵᠠᠩ ᠵᠢᠶᠠᠨ ᠬᠦᠩ᠂ ᠸᠠᠩ ᠱᠧᠩ ᠷᠦᠩ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ