​ᠳ᠋ᠦᠩᠱᠧᠩ ᠲᠤᠭᠤᠷᠢᠭ ᠠᠷᠠᠳ ᠤᠨ ᠠᠮᠢᠳᠤᠷᠠᠯ ᠤᠨ ᠢᠨᠵᠧᠨᠧᠷᠢᠩ ᠢ ᠳᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/10
     ᠪᠦᠬᠦ ᠤᠷᠲᠤ ᠨᠢ 13.5 ᠺᠢᠯᠤᠮᠧᠲᠷ     ᠠᠮᠢ ᠠᠬᠤᠶ ᠶᠢᠨ ᠳᠤᠮᠳᠠ ᠵᠡᠭᠡᠯᠢ᠂ ᠶᠤᠸᠠᠢ ᠱᠠᠨ ᠵᠠᠮ᠂ ᠾᠧ ᠰᠢᠶᠧ ᠵᠠᠮ᠂ ᠤᠳᠤᠭ ᠵᠡᠭᠡᠯᠢ ᠶᠢᠨ ᠢᠯᠴᠢ ᠬᠠᠩᠭᠠᠬᠤ ᠬᠤᠭᠤᠯᠠᠢ ᠲᠤᠤᠷ ᠤᠨ ᠪᠠᠶᠢᠭᠤᠯᠤᠯᠳᠠ ᠶᠢ ᠳᠦᠷᠭᠡᠳᠬᠡᠨ ᠠᠬᠢᠭᠤᠯᠵᠤ ᠪᠤᠢ     ᠤᠳᠠᠯ ᠦᠭᠡᠢ ᠲᠡᠮᠦᠷ ᠵᠠᠮ ᠤᠨ ᠵᠡᠭᠦᠨ ᠬᠡᠰᠡᠭ ᠤᠨ ᠭᠤᠣᠯ ᠬᠤᠲᠠ ᠲᠣᠭᠤᠷᠢᠭ᠂ ᠲᠡᠮᠦᠷ ᠵᠠᠮ ᠤᠨ ᠪᠠᠷᠠᠭᠤᠨ ᠬᠡᠰᠡᠭ ᠤᠨ ᠢᠯᠴᠢ ᠬᠠᠩᠭᠠᠬᠤ ᠬᠤᠭᠤᠯᠠᠢ ᠲᠤᠤᠷ ᠢ ᠬᠠᠷᠢᠯᠴᠠᠨ ᠬᠤᠯᠪᠤᠭᠠᠯᠠᠨ ᠨᠡᠪᠳᠡᠷᠡᠬᠦᠯᠬᠦ ᠶᠢ ᠪᠡᠶᠡᠯᠡᠬᠦᠯᠦᠨ᠎ᠡ     ᠲᠦᠷᠦᠭᠦᠬᠡᠨ᠂ ᠰᠤᠷᠪᠤᠯᠵᠢᠯᠠᠭᠴᠢ ᠶᠤᠸᠠᠢ ᠱᠠᠨ ᠵᠠᠮ ᠤᠨ ᠢᠯᠴᠢ ᠬᠠᠩᠭᠠᠬᠤ ᠲᠣᠤᠷ ᠢ ᠰᠡᠯᠪᠢᠨ ᠵᠠᠰᠠᠵᠤ ᠪᠠᠶᠢᠬᠤ ᠠᠬᠤᠢ ᠳᠠᠯᠠᠪᠠᠢ ᠳᠤ ᠬᠦᠷᠴᠦ ᠣᠶᠢᠯᠠᠭᠠᠭᠰᠠᠨ ᠢᠶᠠᠷ᠂ ᠲᠣᠰ ᠵᠠᠮ ᠤᠨ ᠬᠤᠭᠤᠯᠠᠶ ᠳᠡᠪᠢᠰᠬᠦ ᠠᠵᠢᠯ ᠢ ᠨᠢᠭᠡᠨᠲᠡ 70% ᠶᠢ ᠪᠡᠶᠡᠯᠡᠭᠦᠯᠵᠦ᠂ ᠭᠤᠤ ᠰᠤᠪᠠᠭ ᠢ ᠡᠭᠡᠭᠦᠯᠦᠨ ᠪᠥᠭᠯᠡᠬᠦ ᠠᠵᠢᠯ ᠤᠨ 30% ᠶᠢ ᠨᠢᠭᠡᠨᠲᠡ ᠬᠢᠵᠤ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠳᠠᠭᠤᠰᠬᠠᠨ᠂ ᠵᠠᠮ ᠢ ᠤᠤᠯ ᠶᠤᠰᠤᠭᠠᠷ ᠨᠡᠪᠲᠡᠷᠡᠭᠦᠯᠬᠦ ᠪᠣᠯᠤᠨ᠎ᠠ᠃ ᠡᠭᠦᠨ ᠤ ᠬᠠᠮᠲᠤ᠂ ᠾᠧ ᠰᠢᠶᠧ ᠵᠠᠮ ᠤᠨ ᠢᠯᠴᠢ ᠬᠠᠩᠭᠠᠬᠤ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢ ᠶᠠᠭ ᠲᠦᠷᠭᠡᠳᠬᠡᠨ ᠠᠬᠢᠭᠤᠯᠵᠤ ᠪᠣᠶ᠃ ᠣᠳᠣᠬᠠᠨ ᠳᠤ᠂ ᠨᠦᠬᠡ ᠶᠢᠨ ᠬᠠᠮᠠᠭᠠᠯᠠᠯᠳᠠ ᠶᠢᠨ ᠠᠵᠢᠯ ᠢ ᠪᠦᠬᠦᠨ ᠢ ᠪᠡᠶᠡᠯᠡᠬᠦᠯᠦᠨ᠂ ᠨᠦᠬᠡ ᠮᠠᠯᠳᠠᠬᠤ ᠠᠵᠢᠯ ᠤᠨ 90% ᠶᠢ ᠨᠢᠬᠡᠨᠳᠡ ᠳᠠᠭᠤᠰᠬᠠᠵᠤ᠂ ᠬᠤᠭᠤᠯᠠᠶ ᠳᠡᠪᠢᠰᠬᠦ ᠠᠵᠢᠯ ᠤᠨ 10% ᠶᠢ ᠪᠡᠶᠡᠯᠡᠬᠦᠯᠪᠡ᠃
1.jpg
2.jpg
4.jpg
6.jpg
     ︽ᠪᠢᠳᠡ ᠠᠵᠢᠯ ᠢᠶᠠᠨ ᠬᠡᠰᠡᠭ ᠬᠤᠪᠢᠶᠠᠨ ᠡᠬᠢᠯᠡᠬᠦᠯᠵᠤ᠂ ᠤᠷᠢᠳ ᠬᠤᠵᠢᠳ ᠭᠤᠤ ᠰᠤᠪᠠᠭ ᠮᠠᠯᠲᠠᠬᠤ᠂ ᠳᠠᠪᠬᠤᠷᠭ᠎ᠠ ᠶᠢ ᠳᠡᠪᠢᠰᠬᠦ᠂ ᠬᠤᠭᠤᠯᠠᠶ ᠳᠡᠪᠢᠰᠬᠦ ᠵᠡᠷᠭᠡ ᠠᠵᠢᠯ ᠢ ᠥᠷᠨᠢᠭᠦᠯᠪᠡ᠃ ᠣᠳᠣᠬᠠᠨ ᠳᠤ᠂ ᠲᠣᠨᠣᠯᠵᠢᠨ ᠵᠠᠮ ᠤᠨ ᠠᠭᠤᠯᠵᠠᠷ ᠤᠨ ᠭᠡᠰᠡᠭ ᠢ ᠤᠤᠯ ᠶᠤᠰᠤᠭᠠᠷ ᠨᠡᠪᠳᠡᠷᠡᠬᠦᠯᠵᠤ ᠪᠠᠶᠢᠬᠤ ᠠᠴᠠ ᠭᠠᠳᠠᠨ᠎ᠠ ᠪᠤᠰᠤᠳ ᠵᠠᠮ ᠳᠤ ᠠᠵᠢᠯ ᠢᠶᠠᠨ ᠪᠦᠬᠦᠨ ᠢ ᠡᠬᠢᠯᠡᠬᠦᠯᠪᠡ᠃ ᠲᠠᠷᠠᠭᠠᠴᠢ ᠶᠢᠨ ᠠᠯᠬᠤᠮ ᠳᠤ᠂ ᠪᠢᠳᠡ ᠠᠵᠢᠯᠴᠢᠨ᠂ ᠮᠠᠰᠢᠨ ᠲᠤᠨᠤᠭ ᠢ ᠲᠠᠰᠤᠷᠠᠯᠲᠠ ᠥᠬᠡᠶ ᠨᠡᠮᠡᠭᠳᠡᠭᠦᠯᠵᠦ᠂ ᠠᠵᠢᠯ ᠢᠶᠠᠨ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠬᠦᠯᠦᠨ᠎ᠡ︾ ᠭᠡᠵᠡᠶ᠃                                  — ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ                                      ᠬᠢᠵᠠᠭᠠᠷᠲᠤ ᠺᠣᠮᠫᠠᠨᠢ ᠶᠢᠨ ᠪᠦᠳᠦᠬᠡᠨ ᠪᠠᠶᠢᠭᠤᠯᠤᠯᠳᠠ ᠶᠢᠨ                                      ᠠᠬᠤᠢ ᠳᠠᠯᠠᠪᠠᠢ ᠶᠢᠨ ᠬᠠᠷᠢᠭᠤᠴᠠᠯᠭᠠᠲᠠᠨ   ᠳ᠋ᠢᠩ ᠮᠢᠨ ᠵᠢᠶᠧ
7.jpg
     ᠣᠶᠢᠯᠠᠭᠠᠭᠰᠠᠨ ᠢᠶᠠᠷ᠂ ᠢᠯᠴᠢ ᠬᠠᠩᠭᠠᠬᠤ ᠪᠦᠳᠦᠬᠡᠨ ᠪᠠᠶᠢᠭᠤᠯᠤᠯᠳᠠ ᠨᠢ ᠳ᠋ᠦᠩᠱᠧᠩ ᠲᠣᠭᠤᠷᠢᠭ ᠤᠨ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠳ᠋ᠦᠩᠱᠧᠩ ᠲᠣᠭᠤᠷᠢᠭ ᠤᠨ ᠠᠮᠢ ᠠᠬᠤᠶ ᠶᠢᠨ ᠳᠤᠮᠳᠠ ᠵᠡᠭᠡᠯᠢ᠂ ᠶᠤᠸᠠᠢ ᠱᠠᠨ ᠵᠠᠮ᠂ ᠾᠧ ᠰᠢᠶᠧ ᠵᠠᠮ᠂ ᠣᠲᠤᠭ ᠵᠡᠭᠡᠯᠢ ᠶᠢᠨ ᠢᠯᠴᠢ ᠬᠠᠩᠭᠠᠬᠤ ᠬᠤᠭᠤᠯᠠᠶ ᠲᠤᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠠᠪᠤᠨ ᠬᠡᠰᠡᠭ ᠬᠤᠪᠢᠶᠠᠵᠤ᠂ ᠪᠦᠬᠦᠨ ᠢ ᠡᠬᠢᠯᠡᠭᠦᠯᠪᠡ᠃ ᠲᠡᠮᠦᠷ ᠵᠠᠮ ᠤᠨ ᠵᠡᠭᠦᠨ ᠬᠡᠰᠡᠭ ᠤᠨ ᠭᠤᠤᠯ ᠬᠤᠲᠠ ᠲᠣᠭᠤᠷᠢᠭ᠂ ᠲᠡᠮᠦᠷ ᠵᠠᠮ ᠤᠨ ᠪᠠᠷᠠᠭᠤᠨ ᠬᠡᠰᠡᠭ ᠤᠨ ᠡᠯ᠎ᠡ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠬᠤᠭᠤᠯᠠᠶ ᠲᠣᠤᠷ ᠢ ᠬᠠᠷᠢᠯᠴᠠᠨ ᠬᠤᠯᠪᠤᠭᠠᠯᠠᠨ ᠨᠡᠪᠳᠡᠷᠡᠯᠴᠡᠬᠦᠯᠵᠤ᠂ ᠬᠠᠷᠢᠯᠴᠠᠨ ᠨᠦᠬᠡᠴᠡᠯᠡᠨ᠂ ᠢᠯᠴᠢ ᠶᠢᠨ ᠢᠷᠡᠯᠲᠡ ᠶᠢ ᠨᠠᠩ ᠪᠠᠲᠤᠯᠠᠭ᠎ᠠ ᠲᠠᠢ ᠪᠣᠯᠭᠠᠵᠤ᠂ ᠢᠯᠴᠢ ᠬᠠᠩᠭᠠᠬᠤ ᠶᠢ ᠨᠠᠩ ᠠᠮᠤᠷ ᠲᠦᠪᠰᠢᠨ ᠪᠣᠯᠭᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ