ᠵᠤᠨ ᠤ ᠤᠯᠠᠷᠢᠯ ᠳᠤ ᠠᠭᠤᠷ ᠠᠮᠢᠰᠬᠤᠯ ᠤᠯᠠᠮ ᠠᠴᠠ ᠤᠯᠠᠨ ᠠᠭᠠᠬᠢᠮ᠎ᠠ ᠬᠠᠯᠠᠭᠤᠨ ᠪᠤᠯᠵᠤ᠂ ᠶᠡᠭᠡ | ᠬᠡᠮᠵᠢᠶᠡᠨ ᠤ ᠬᠦᠯᠦᠰᠤ ᠭᠠᠷᠬᠤ ᠨᠢ ᠬᠦᠮᠦᠨ ᠤ ᠪᠡᠶ᠎ᠡ ᠶᠢᠨ ᠤᠰᠤᠨ ᠬᠤᠷᠤᠭᠳᠠᠯ ᠢ ᠨᠡᠮᠡᠭᠳᠡᠬᠦᠯᠳᠡᠭ᠃ ᠡᠶᠢᠮᠤ ᠠᠴᠠ | ᠰᠢᠨᠵᠢᠯᠡᠬᠦ ᠤᠬᠠᠭᠠᠨᠴᠢ ᠪᠠᠷ ᠤᠰᠤ ᠨᠦᠬᠦᠪᠤᠷᠢᠯᠡᠬᠦ ᠨᠢ ᠮᠠᠰᠢ ᠴᠢᠬᠤᠯᠠ ᠪᠠᠶᠢᠳᠠᠭ᠃ | ① ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠬᠡᠨ ᠤᠮᠳᠠᠭᠠᠨ ᠤ ᠯᠠᠪᠯᠠᠯᠳᠠ︾ ᠶᠢ | ᠦᠨᠳᠤᠰᠤᠯᠡᠪᠡᠯ᠂ ᠨᠠᠰᠤᠨ ᠳᠤ ᠬᠦᠷᠦᠭᠰᠡᠳ ᠤᠨ ᠡᠳᠤᠷ ᠪᠦᠷᠢ ᠶᠢᠨ ᠤᠤᠭᠤᠬᠤ ᠤᠰᠤᠨ ᠤ ᠬᠡᠮᠵᠢᠶ᠎ᠡ ᠨᠢ 1500 | — 1700 ᠮᠢᠯᠢᠯᠢᠲᠷ ᠤᠨ ᠬᠤᠭᠤᠷᠤᠨᠳᠤ ᠪᠠᠶᠢᠪᠠᠯ ᠵᠤᠬᠢᠨ᠎ᠠ᠃ ᠵᠤᠨ ᠤ ᠤᠯᠠᠷᠢᠯ ᠳᠤ ᠬᠦᠯᠦᠰᠤ ᠠᠷᠪᠢᠨ | ᠭᠠᠷᠬᠤ ᠤᠴᠢᠷ ᠠᠴᠠ ᠡᠳᠤᠷ ᠳᠤᠳᠤᠮ ᠤᠨ ᠪᠡᠶ᠎ᠡ ᠶᠢᠨ ᠬᠦᠳᠡᠯᠬᠡᠬᠡᠨ ᠤ ᠪᠠᠶᠢᠳᠠᠯ ᠵᠢᠴᠢ ᠤᠷᠴᠢᠨ ᠳᠤᠭᠤᠷᠢᠨ ᠤ | ᠪᠠᠨ ᠪᠠᠶᠢᠳᠠᠯ ᠢ ᠦᠨᠳᠤᠰᠤᠯᠡᠨ᠂ ᠤᠤᠭᠤᠬᠤ ᠤᠰᠤᠨ ᠤ ᠬᠡᠮᠵᠢᠶ᠎ᠡ ᠪᠠᠨ ᠵᠤᠬᠢᠰᠳᠠᠢ ᠨᠡᠮᠡᠭᠳᠡᠬᠦᠯᠵᠤ ᠪᠤᠯᠤᠨ᠎ᠠ᠃ | ② ᠬᠦᠯᠦᠰᠤ ᠶᠡᠭᠡ ᠭᠠᠷᠴᠤ ᠤᠰᠤ ᠳᠤᠳᠠᠭᠳᠠᠪᠠᠯ ᠪᠦᠯᠢᠶᠡᠨ ᠤᠰᠤ᠂ ᠳᠠᠪᠤᠰᠤ ᠲᠠᠢ ᠤᠰᠤ᠂ ᠨᠤᠭᠤᠭᠠᠨ | ᠪᠤᠷᠴᠠᠭ ᠤᠨ ᠱᠦᠯᠦ᠂ ᠨᠢᠮᠪᠡᠭᠡ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠲᠠᠢ ᠤᠮᠳᠠᠭᠠᠨ ᠤᠤᠭᠤᠵᠤ | ᠪᠤᠯᠤᠨ᠎ᠠ᠃ ᠡᠨᠡ ᠨᠢ ᠬᠦᠮᠦᠨ ᠤ ᠪᠡᠶ᠎ᠡ ᠳᠤ ᠤᠰᠤ ᠨᠦᠬᠦᠪᠤᠷᠢᠯᠡᠬᠦ ᠪᠠᠷ ᠪᠠᠷᠠᠬᠤ ᠦᠬᠡᠢ ᠪᠠᠰᠠ ᠠᠯᠳᠠᠭᠳᠠᠭᠰᠠᠨ | ᠡᠷᠡᠳᠡᠰᠤ᠂ ᠸᠢᠲ᠋ᠠᠮᠢᠨ ᠵᠡᠷᠬᠡ ᠶᠢ ᠨᠦᠬᠦᠪᠤᠷᠢᠯᠡᠬᠦ ᠦᠢᠯᠡᠳᠤᠯ ᠲᠠᠢ᠃ | ③ ᠰᠢᠷᠦᠬᠦᠨ ᠬᠦᠳᠡᠯᠬᠡᠬᠡᠨ ᠬᠢᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠤᠤᠭᠤᠵᠤ ᠪᠤᠯᠬᠤ ᠦᠬᠡᠢ᠃ | ᠰᠢᠷᠦᠬᠦᠨ ᠬᠦᠳᠡᠯᠬᠡᠬᠡᠨ ᠬᠢᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠤᠤᠭᠤᠪᠠᠯ ᠬᠡᠳᠡᠰᠤ ᠬᠦᠬᠡᠬᠦ᠂ | ᠬᠤᠳᠤᠭᠤᠳᠤ ᠡᠪᠡᠳᠬᠦ ᠵᠡᠷᠬᠡ ᠢᠯᠡᠷᠡᠯ ᠭᠠᠷᠬᠤ ᠠᠴᠠ ᠭᠠᠳᠠᠨ᠎ᠠ ᠵᠢᠷᠦᠬᠡ᠂ ᠳᠤᠳᠤᠷ ᠪᠦᠬᠡᠷ᠎ᠡ ᠵᠡᠷᠬᠡ ᠡᠷᠬᠡᠳᠡᠨ ᠤ | ᠳᠠᠷᠤᠭᠠᠰᠤ ᠶᠢ ᠬᠦᠨᠳᠤᠷᠡᠬᠦᠯᠵᠤ᠂ ᠬᠦᠮᠦᠨ ᠤ ᠪᠡᠶ᠎ᠡ ᠶᠢᠨ ᠴᠠᠬᠢᠯᠭᠠᠨ ᠵᠠᠳᠠᠯᠤᠭᠳᠠᠬᠤᠨ ᠢ ᠬᠡᠪ ᠤᠨ ᠪᠤᠰᠤ ᠪᠤᠯᠭᠠᠵᠤ | ᠮᠡᠳᠡᠨ᠎ᠡ᠃ | ④ ᠤᠰᠤ ᠶᠢ ᠵᠦᠪᠬᠡᠨ ᠤᠮᠳᠠᠭᠠᠰᠤᠭᠰᠠᠨ ᠦᠶ᠎ᠡ ᠳᠤ ᠯᠠ ᠤᠤᠭᠤᠬᠤ ᠪᠢᠰᠢ ᠬᠠᠷᠢᠨ ᠳᠤᠭᠳᠠᠭᠰᠠᠨ ᠴᠠᠭ | ᠲᠤ ᠤᠰᠤ ᠤᠤᠭᠤᠬᠤ ᠳᠠᠳᠬᠠᠯ ᠲᠠᠢ ᠪᠤᠯᠪᠠᠯ ᠰᠠᠶᠢᠨ᠃ ᠵᠢᠱᠢᠶᠡᠯᠡᠪᠡᠯ ᠦᠷᠯᠦᠬᠡ ᠪᠤᠰᠤᠭᠰᠠᠨ ᠤ ᠳᠠᠷᠠᠭ᠎ᠠ ᠨᠢᠬᠡ | ᠴᠤᠮᠤ ᠤᠰᠤ ᠤᠤᠭᠤᠪᠠᠯ ᠴᠢᠰᠤᠨ ᠰᠢᠩᠬᠡᠨ ᠤ ᠦᠤᠬᠡᠴᠡ ᠶᠢ ᠪᠠᠭᠤᠷᠠᠭᠤᠯᠵᠤ᠂ ᠬᠡᠳᠡᠰᠤ ᠳᠤᠳᠤᠷ ᠢ ᠴᠡᠪᠡᠷᠯᠡᠨ | ᠬᠤᠤᠷ ᠢ ᠭᠠᠳᠠᠭᠰᠢᠯᠠᠭᠤᠯᠤᠨ᠎ᠠ᠃ ᠬᠤᠭᠤᠯᠠᠨ ᠤ ᠡᠮᠤᠨ᠎ᠡ 1 ᠴᠠᠭ ᠤᠰᠤ ᠤᠤᠭᠤᠪᠠᠯ ᠪᠡᠶ᠎ᠡ ᠶᠢᠨ ᠳᠤᠳᠤᠷᠠᠬᠢ | ᠤᠰᠤᠨ ᠤ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠬᠡᠪᠡᠴᠤ ᠤᠰᠤ ᠤᠤᠭᠤᠭᠰᠠᠨ ᠤ ᠳᠠᠷᠠᠭ᠎ᠠ ᠳᠠᠷᠤᠶᠢᠬᠠᠨ | ᠬᠤᠭᠤᠯᠠ ᠢᠳᠡᠬᠦ ᠪᠤᠶᠤ ᠢᠳᠡᠵᠤ ᠪᠠᠷᠠᠮᠠᠭᠴᠠ ᠶᠡᠭᠡ ᠬᠡᠮᠵᠢᠶᠡᠨ ᠤ ᠤᠰᠤ ᠤᠤᠭᠤᠬᠤ ᠨᠢ ᠠᠮᠠᠷᠬᠠᠨ ᠬᠤᠳᠤᠭᠤᠳᠤᠨ | ᠤ ᠬᠦᠴᠢᠯ ᠢ ᠰᠢᠩᠬᠡᠷᠡᠬᠦᠯᠵᠤ᠂ ᠰᠢᠩᠬᠡᠬᠡᠯᠳᠡ ᠶᠢᠨ ᠴᠢᠳᠠᠪᠤᠷᠢ ᠶᠢ ᠪᠠᠭᠤᠷᠠᠭᠤᠯᠳᠠᠭ᠃ | ⑤ ᠵᠤᠨ ᠤ ᠤᠯᠠᠷᠢᠯ ᠳᠤ ᠠᠮᠠᠷᠬᠠᠨ ᠬᠠᠯᠠᠭᠤᠨ ᠳᠡᠬᠡᠭᠰᠢ ᠠᠭᠰᠠᠳᠠᠭ ᠤᠴᠢᠷ ᠠᠴᠠ ᠤᠤᠭᠤᠬᠤ ᠤᠰᠤᠨ ᠳᠤ | ᠪᠠᠨ ᠵᠤᠬᠢᠬᠤ ᠬᠡᠮᠵᠢᠶᠡᠨ ᠤ ᠤᠳᠪᠠᠯᠠ ᠴᠡᠴᠡᠭ᠂ ᠠᠯᠳᠠᠨ ᠮᠦᠩᠬᠦᠨ ᠴᠡᠴᠡᠭ ᠵᠡᠷᠬᠡ ᠶᠢ ᠨᠡᠮᠡᠵᠤ ᠪᠤᠯᠤᠨ᠎ᠠ᠃ | | |