ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠣᠭᠲᠠᠭᠤᠨ ᠪᠠᠶᠢᠵᠤ ᠰᠠᠭᠤᠭᠠᠯᠢ ᠠᠷᠠᠳ ᠤᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠰᠡᠷᠭᠦᠪᠡ
ᠨᠡᠶᠢᠲᠡᠯᠡᠭᠰᠡᠨ ᠴᠠᠭ᠄
2024/7/11
    1 — 5 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 77.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠪᠠᠭᠤᠷᠠᠪᠠ᠃ ᠠᠵᠢᠯ ᠲᠥᠷᠥᠯ ᠢᠶᠠᠷ ᠬᠤᠪᠢᠶᠠᠪᠠᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 50.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 64.6% ᠶᠢ ᠡᠵᠡᠯᠡᠪᠡ︔ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 12.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 16.5% ᠶᠢ ᠡᠵᠡᠯᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 9.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 69.0% ᠪᠠ 28.5% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ