【 ᠬᠤᠳᠠᠯᠳᠤᠭᠠᠨ ᠤ ᠭᠠᠵᠡᠷ 】ᠸᠠᠨ ᠵᠧᠩ ᠠᠭᠤᠳᠠᠮ ᠲᠠᠯᠠᠪᠠᠢ
ᠨᠡᠶᠢᠲᠡᠯᠡᠭᠰᠡᠨ ᠴᠠᠭ᠄
2024/7/12
    ᠬᠤᠳᠠᠯᠳᠤᠭᠠᠨ ᠤ ᠶᠡᠷᠦᠩᠬᠡᠢ ᠴᠣᠭᠴᠠ ᠪᠣᠯᠤᠭᠰᠠᠨ ᠤ ᠬᠤᠪᠢ ᠳᠤ᠂ ᠸᠠᠨ ᠵᠧᠩ ᠠᠭᠤᠳᠠᠮ ᠲᠠᠯᠠᠪᠠᠢ ᠶᠢᠨ ᠲᠥᠬᠦᠭᠡᠷᠦᠮᠵᠢ ᠪᠦᠷᠢᠨ ᠭᠦᠢᠴᠡᠳ ᠪᠠᠶᠢᠵᠤ᠂ ᠲᠡᠷᠭᠡᠨ ᠵᠣᠭᠰᠣᠭᠠᠯ᠂ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠵᠠᠰᠠᠯ ᠴᠢᠮᠡᠭᠯᠡᠯ ᠤᠨ ᠲᠠᠯ᠎ᠠ ᠪᠠᠷ ᠤᠳᠤ ᠦᠶ᠎ᠡ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠪᠠᠶᠢᠷᠢᠰᠢᠯ ᠤᠨ ᠬᠠᠨᠳᠤᠰᠢ ᠪᠣᠯᠤᠨ ᠣᠨᠴᠠᠯᠢᠭ ᠢ ᠪᠦᠷᠢᠨ ᠢᠯᠡᠷᠡᠬᠦᠯᠵᠡᠢ᠃ ᠠᠳᠡ ᠠᠯᠪᠠᠯᠠᠬᠤ ᠠᠰᠠᠷ᠂ ᠣᠳᠣᠨ ᠲᠠᠰ ᠤᠨ ᠪᠠᠭᠤᠳᠠᠯ ᠪᠠ ᠵᠣᠴᠢᠳ ᠤᠨ ᠪᠠᠭᠤᠳᠠᠯ ᠮᠠᠶ᠋ᠢᠭ ᠤᠨ ᠬᠤᠳᠠᠯᠳᠤᠭᠠᠨ ᠤ ᠰᠠᠭᠤᠴᠠ ᠪᠠᠶᠢᠬᠤ ᠶᠢᠨ ᠬᠠᠮᠳᠤ᠂ ᠬᠤᠶᠠᠷ ᠲᠣᠮᠣ ᠬᠤᠳᠠᠯᠳᠤᠭᠠᠨ ᠤ  ᠲᠠᠯᠠᠪᠠᠢ᠂ ᠨᠢᠭᠡ ᠲᠣᠮᠣ ᠬᠡᠯᠪᠡᠷᠢ ᠶᠢᠨ ᠬᠡᠷ ᠳᠣᠲᠣᠷᠠᠬᠢ ᠶᠠᠪᠠᠭᠠᠨ ᠵᠡᠭᠡᠯᠢ᠂ ᠨᠢᠭᠡ ᠭᠠᠵᠠᠷ ᠳᠣᠤᠷᠠᠬᠢ ᠲᠣᠮᠣ ᠬᠡᠯᠪᠡᠷᠢ ᠶᠢᠨ ᠬᠡᠲᠦ ᠳᠡᠯᠭᠡᠭᠦᠷ ᠪᠠᠶᠢᠵᠤ᠂ ᠰᠡᠯᠡᠭᠦᠴᠡᠯ ᠵᠤᠭ᠎ᠠ ᠴᠡᠩᠭᠡᠯ᠂ ᠢᠳᠡᠭᠡᠨ ᠤᠮᠳᠠᠭᠠᠨ ᠬᠤᠨᠤᠭ ᠪᠠᠭᠤᠳᠠᠯ ᠪᠠ ᠠᠯᠪᠠᠯᠠᠬᠤ ᠡᠯ᠎ᠡ ᠵᠦᠢᠯ ᠤᠨ ᠡᠵᠡᠩᠨᠡᠯᠲᠡ ᠶᠢᠨ ᠬᠡᠯᠪᠡᠷᠢ ᠶᠢ ᠨᠢᠭᠡ ᠴᠣᠭᠴᠠᠵᠢᠭᠤᠯᠤᠭᠰᠠᠨ ᠬᠤᠳᠠᠯᠳᠤᠭᠠᠨ ᠤ ᠰᠦᠷᠦᠭᠵᠢᠯ ᠪᠤᠯᠤᠨ᠎ᠠ᠃
1.1.jpg
2.1.jpg
 
3.jpg
2.1.jpg
4.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ