ᠳ᠋ᠦᠩᠱᠧᠩ ᠲᠤᠭᠤᠷᠢᠭ ᠬᠠᠭᠤᠴᠢᠨ ᠠᠰᠠᠷ ᠲᠤ ᠴᠠᠬᠢᠯᠭᠠᠨ ᠱᠠᠳᠤ ᠤᠭᠰᠠᠷᠠᠨ ᠠᠷᠠᠳ ᠤᠯᠠᠨ ᠤ ᠵᠤᠯ ᠵᠢᠷᠭᠠᠯᠳᠤ ᠲᠦᠷᠦᠭᠳᠡᠯ ᠢ ᠨᠡᠮᠡᠭᠳᠡᠬᠦᠯᠵᠤ ᠪᠤᠢ
ᠨᠡᠶᠢᠲᠡᠯᠡᠭᠰᠡᠨ ᠴᠠᠭ᠄
2024/7/15
     2024 ᠤᠨ ᠳᠤ᠂ ᠳ᠋ᠦᠩᠱᠧᠩ ᠲᠤᠭᠤᠷᠢᠭ ᠳᠡᠭᠡᠳᠤ ᠱᠠᠳᠤᠨ ᠤ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠲᠦᠷᠦ ᠶᠢᠨ ᠪᠤᠳᠤᠯᠭ᠎ᠠ ᠶᠢ ᠴᠤᠤᠷᠢᠶᠠᠳᠤ᠂ ᠰᠠᠭᠤᠭᠠᠯᠢ ᠲᠤᠭᠤᠷᠢᠭ ᠤᠨ ᠬᠠᠭᠤᠴᠢᠨ ᠠᠰᠠᠷ ᠲᠤ 20 ᠴᠠᠬᠢᠯᠭᠠᠨ ᠱᠠᠳᠤ ᠤᠭᠰᠠᠷᠠᠬᠤ ᠪᠠᠷ ᠲᠦᠯᠦᠪᠯᠡᠵᠤ᠂ 5 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠡᠬᠢᠯᠡᠬᠦᠯᠵᠤ᠂ ᠤᠳᠤ ᠪᠤᠯᠳᠠᠯ᠎ᠠ ᠨᠢᠭᠡᠨᠳᠡ 17 ᠴᠠᠬᠢᠯᠭᠠᠨ ᠱᠠᠳᠤ ᠤᠭᠰᠠᠷᠠᠬᠤ ᠠᠵᠢᠯ ᠢ ᠡᠬᠢᠯᠡᠬᠦᠯᠵᠤ᠂ 10 ᠰᠠᠷ᠎ᠠ ᠶᠢᠨ ᠡᠬᠢᠨ ᠢᠶᠠᠷ ᠪᠦᠬᠦᠨ ᠢ ᠳᠠᠭᠤᠰᠬᠠᠬᠤ ᠪᠠᠷ ᠪᠤᠢ᠃
1.jpg
     ᠤᠶᠢᠯᠠᠭᠠᠭᠰᠠᠨ ᠢᠶᠠᠷ᠂ ᠡᠨᠡ ᠵᠢᠯ ᠤᠨ ᠳ᠋ᠦᠩᠱᠧᠩ ᠲᠤᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠲᠤ ᠴᠠᠬᠢᠯᠭᠠᠨ ᠱᠠᠳᠤ ᠤᠭᠰᠠᠷᠠᠬᠤ ᠠᠵᠢᠯ ᠢ ᠰᠠᠶᠢᠳᠤᠷ ᠬᠢᠵᠤ᠂ ᠠᠷᠠᠳ ᠤᠯᠠᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠨᠡᠩ ᠰᠠᠶᠢᠨ ᠬᠦᠷᠳᠡᠬᠡᠨ᠂ ᠤᠶᠢᠯᠡᠳᠪᠤᠷᠢᠯᠡᠯ ᠠᠮᠢᠳᠤᠷᠠᠯ ᠳᠤ ᠨᠢ ᠨᠡᠩ ᠳᠦᠬᠦᠮ ᠦᠵᠡᠬᠦᠯᠬᠦ  ᠶᠢᠨ ᠲᠦᠯᠦᠬᠡ᠂ ᠳ᠋ᠦᠩᠱᠧᠩ ᠲᠤᠭᠤᠷᠢᠭ ᠤᠨ ᠤᠷᠤᠨ ᠰᠠᠭᠤᠴᠠ ᠶᠢᠨ ᠪᠠᠳᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠳᠦᠪ ᠨᠢ ᠦᠷᠭᠡᠨ ᠳᠡᠯᠬᠡᠷ ᠢᠶᠠᠷ ᠤᠬᠠᠭᠤᠯᠤᠨ᠂ ᠬᠠᠮᠢᠶ᠎ᠠ ᠪᠦᠬᠦᠢ ᠭᠠᠷ ᠬᠦᠢᠴᠡᠳᠬᠡᠯ ᠢ ᠤᠷᠢᠳᠴᠢᠯᠠᠨ ᠬᠢᠬᠦ ᠵᠡᠷᠭᠡ ᠡᠮᠤᠨᠡᠬᠢ ᠬᠤᠭᠤᠴᠠᠭᠠᠨ ᠤ ᠠᠵᠢᠯ ᠢ ᠰᠠᠶᠢᠳᠤᠷ ᠬᠢᠬᠦ ᠪᠠᠷ ᠳᠠᠮᠵᠢᠵᠤ ᠬᠠᠭᠤᠴᠢᠨ ᠠᠰᠠᠷ  ᠲᠤ ᠴᠠᠬᠢᠯᠭᠠᠨ ᠱᠠᠳᠤ ᠤᠭᠰᠠᠷᠠᠬᠤ ᠠᠵᠢᠯ ᠢᠶᠠᠨ ᠠᠬᠢᠭᠤᠯᠵᠤ ᠪᠠᠶᠢᠨ᠎ᠠ᠃
2.jpg
     ᠳ᠋ᠦᠩᠱᠧᠩ ᠲᠤᠭᠤᠷᠢᠭ ᠤᠨ ᠤᠷᠤᠨ ᠰᠠᠭᠤᠴᠠ ᠶᠢᠨ ᠪᠠᠳᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠳᠦᠪ ᠤᠨ ᠤᠬᠠᠭᠤᠯᠭ᠎ᠠ ᠶᠢᠨ ᠳᠠᠰᠤᠭ ᠤᠨ ᠡᠷᠬᠢᠯᠡᠭᠴᠢ ᠯᠢ ᠵᠢᠶᠠ᠄ ︽ᠡᠨᠡ ᠵᠢᠯ ᠪᠢᠳᠠ ᠪᠡᠯᠡᠳᠬᠡᠯ ᠠᠵᠢᠯ ᠢ ᠰᠠᠶᠢᠨ ᠬᠢᠵᠤ ᠤᠷᠢᠳ ᠢᠶᠠᠷ ᠡᠬᠢᠯᠡᠬᠦᠯᠦᠭᠰᠡᠨ ᠶᠤᠮ᠃ ᠤᠴᠢᠷ ᠨᠢ ᠴᠠᠬᠢᠯᠭᠠᠨ ᠱᠠᠳᠤ ᠤᠭᠰᠠᠷᠠᠬᠤ ᠨᠢ ᠨᠠᠰᠤᠳᠠᠶᠢᠴᠤᠳ ᠤᠨ ᠭᠠᠷᠴᠤ ᠤᠷᠤᠬᠤ ᠳᠤ ᠲᠤᠩ ᠶᠡᠭᠡ ᠳᠦᠬᠦᠮ ᠦᠵᠡᠬᠦᠯᠳᠡᠭ᠃ ᠠᠷᠠᠳ ᠤᠯᠠᠨ ᠤ ᠵᠤᠯ ᠵᠢᠷᠭᠠᠯᠳᠤ ᠳᠦᠷᠦᠭᠳᠡᠯ ᠢ ᠨᠡᠮᠡᠭᠳᠡᠬᠦᠯᠬᠦ ᠪᠤᠯ ᠪᠢᠳᠠᠨ ᠤ ᠡᠴᠦᠰ ᠤᠨ ᠬᠠᠷᠠᠯᠳᠠ ᠮᠦᠨ︾ ᠭᠡᠵᠤ ᠪᠠᠶᠢᠯ᠎ᠠ᠃ ᠶᠤᠸᠠᠨ ᠳ᠋ᠢᠩ ᠰᠠᠭᠤᠭᠠᠯᠢ ᠲᠤᠭᠤᠷᠢᠭ ᠤᠨ ᠯᠢ ᠹᠧᠢ ᠴᠧᠩ᠄ ︽ᠮᠠᠨ ᠤ ᠬᠢᠨ ᠵᠢᠷᠭᠤᠳᠤᠭᠠᠷ ᠠᠰᠠᠷ ᠲᠤ ᠰᠠᠭᠤᠵᠤ ᠪᠠᠶᠢᠭ᠎ᠠ ᠳᠤᠯᠠ ᠭᠠᠷᠴᠤ ᠤᠷᠤᠬᠤ ᠳᠤ ᠲᠤᠩ ᠳᠦᠬᠦᠮ ᠦᠭᠡᠢ᠃ ᠴᠠᠬᠢᠯᠭᠠᠨ ᠱᠠᠳᠤ ᠤᠭᠰᠠᠷᠠᠴᠢᠬᠠᠪᠠᠯ ᠡᠳᠡᠭᠡᠷ ᠠᠰᠠᠭᠤᠳᠠᠯ  ᠢ ᠰᠢᠢᠳᠪᠤᠷᠢᠯᠡᠴᠢᠬᠡᠬᠦ ᠮᠦᠷᠳᠡᠭᠡᠨ ᠬᠤᠶᠢᠰᠢᠳᠠ ᠭᠡᠷ ᠪᠠᠶᠢᠰᠢᠩ ᠢᠶᠠᠨ ᠬᠤᠳᠠᠯᠳᠤᠬᠤ ᠶᠤᠮ ᠤᠤ ᠡᠰᠡᠬᠦᠯ᠎ᠡ ᠭᠠᠳᠠᠭᠰᠢ ᠲᠦᠷᠢᠶᠡᠰᠦᠯᠡᠬᠦ ᠳᠤ ᠪᠦᠷ ᠰᠠᠶᠢᠨ ᠶᠤᠮ︾ ᠭᠡᠵᠤ ᠪᠠᠶᠢᠯ᠎ᠠ᠃
3.jpg
4.jpg
     ᠳᠠᠷᠠᠭᠠᠴᠢ ᠶᠢᠨ ᠠᠯᠬᠤᠮ ᠳᠤ᠂ ᠪᠠᠷᠢᠯᠭ᠎ᠠ ᠶᠢᠨ ᠠᠵᠢᠯ ᠤᠨ ᠠᠮᠤᠷ ᠳᠦᠪᠰᠢᠨ ᠤ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠴᠢᠩᠭ᠎ᠠ ᠠᠳᠬᠤᠬᠤ ᠶᠢᠨ ᠬᠠᠮᠳᠤ ᠴᠠᠬᠢᠯᠭᠠᠨ ᠱᠠᠳᠤ ᠤᠭᠰᠠᠷᠠᠬᠤ ᠨᠦᠬᠦᠴᠡᠯ ᠳᠤ ᠨᠡᠶᠢᠴᠡᠭᠰᠡᠨ ᠮᠦᠷᠳᠡᠬᠡᠨ ᠤᠭᠰᠠᠷᠠᠬᠤ ᠪᠠᠷ ᠭᠤᠶᠤᠴᠢᠯᠠᠭᠰᠠᠨ ᠰᠠᠭᠤᠭᠠᠯᠢ ᠲᠤᠭᠤᠷᠢᠭ  ᠤᠨ ᠲᠤᠭ᠎ᠠ ᠪᠠᠷᠢᠮᠳᠠ ᠶᠢ ᠨᠡᠩ ᠰᠠᠶᠢᠨ ᠬᠢᠨᠠᠨ ᠬᠠᠷᠭᠤᠭᠤᠯᠵᠤ᠂ ᠴᠠᠬᠢᠯᠭᠠᠨ ᠱᠠᠳᠤ ᠤᠭᠰᠠᠷᠠᠬᠤ ᠠᠵᠢᠯ ᠢ ᠴᠢᠨᠠᠷᠯᠢᠭ ᠰᠠᠶᠢᠬᠠᠨ ᠪᠡᠶᠡᠯᠡᠬᠦᠯᠬᠦ ᠪᠠᠷ ᠪᠠᠶᠢᠨ᠎ᠠ 
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ