ᠭᠤᠤ ᠢ ᠳ᠋ᠦᠩ ᠭᠤᠣᠯᠳᠠᠯᠭ᠎ᠠ ᠲᠠᠢ ᠬᠦᠷᠢᠶᠡᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/18
      7 ᠰᠠᠷ᠎ᠠ ᠶᠢᠨ 17 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠭᠡᠰᠡᠭ ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠭᠡ᠂ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ᠂ ᠦᠨᠳᠤᠷ ᠳᠠᠪᠬᠤᠷᠭᠠᠳᠤ ᠤᠷᠤᠨ ᠰᠠᠭᠤᠴᠠ ᠶᠢᠨ ᠲᠤᠭᠤᠷᠢᠭ᠂ ᠰᠤᠷᠭᠠᠭᠤᠯᠢ᠂ ᠠᠯᠪᠠᠯᠠᠬᠤ ᠠᠰᠠᠷ ᠲᠤ ᠭᠦᠨᠵᠡᠭᠡᠶᠢᠷᠡᠵᠤ᠂ ︽ᠯᠤᠩᠬᠤ ᠶᠢ  ᠬᠤᠭᠤᠯᠠᠢ ᠪᠤᠯᠭᠠᠨ ᠦᠬᠡᠷᠡᠴᠢᠯᠡᠬᠦ︾ ︽ᠯᠤᠩᠬᠤ ᠶᠢ ᠴᠠᠭᠢᠯᠭᠠᠨ ᠪᠤᠯᠭᠠᠨ ᠦᠬᠡᠷᠡᠴᠢᠯᠡᠬᠦ︾᠂ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠲᠡᠰ ᠲᠡᠪᠰᠢᠭᠦᠯᠭᠦ᠂ ᠭᠠᠯ ᠤᠨᠳᠠᠷᠠᠭᠠᠬᠤ ᠠᠮᠤᠷ ᠲᠦᠪᠰᠢᠨ ᠤ ᠭᠡᠮ ᠰᠤᠭᠤᠭ ᠢ ᠦᠭᠡᠷᠡᠴᠢᠯᠡᠭᠦ ᠠᠵᠢᠯ ᠢ ᠪᠠᠶᠢᠴᠠᠭᠠᠨ ᠰᠤᠳᠤᠯᠪᠠ᠃      ᠲᠢᠶᠠᠨ ᠵᠢᠶᠤᠤ ᠵᠡᠭᠡᠯᠢ ᠭᠤᠳᠤᠮᠵᠢ ᠶᠢᠨ ᠮᠢᠨ ᠱᠧᠩ ᠲᠣᠭᠤᠷᠢᠭ ᠤᠨ ᠡᠮᠦᠨ᠎ᠡ ᠭᠤᠳᠤᠮᠵᠢ ᠳᠤ᠂ ᠭᠤᠤ ᠢ ᠳ᠋ᠦᠩ ᠢᠳᠡᠭᠡᠨ ᠤᠮᠳᠠᠭᠠᠨ ᠤ ᠳᠡᠯᠭᠡᠭᠦᠷ ᠤᠨ ᠬᠤᠳᠠᠯᠳᠤᠭᠠᠴᠢᠨ ᠡᠷᠦᠬᠡ ᠶᠢᠨ ︽ᠯᠣᠩᠬᠤ ᠶᠢ ᠬᠤᠭᠤᠯᠠᠢ ᠪᠤᠯᠭᠠᠨ ᠦᠬᠡᠷᠡᠴᠢᠯᠡᠬᠦ︾᠂ ︽ᠯᠣᠩᠬᠤ ᠶᠢ ᠴᠠᠬᠢᠯᠭᠠᠨ ᠪᠤᠯᠭᠠᠨ ᠦᠬᠡᠷᠡᠴᠢᠯᠡᠬᠦ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂  ︽ᠯᠤᠩᠬᠤ ᠶᠢ  ᠬᠤᠭᠤᠯᠠᠢ ᠪᠤᠯᠭᠠᠨ ᠦᠬᠡᠷᠡᠴᠢᠯᠡᠬᠦ︾ ︽ᠯᠤᠩᠬᠤ ᠶᠢ ᠴᠠᠭᠢᠯᠭᠠᠨ ᠪᠤᠯᠭᠠᠨ ᠦᠬᠡᠷᠡᠴᠢᠯᠡᠬᠦ︾ ᠠᠵᠢᠯ ᠪᠣᠯ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠬᠦ  ᠬᠡᠷᠡᠭᠯᠡᠭᠴᠢᠳ ᠲᠠᠢ ᠬᠠᠮᠲᠤᠷᠠᠨ ᠠᠮᠤᠷ ᠲᠦᠪᠰᠢᠨ ᠤ ᠲᠠᠩᠰᠠ᠂ ᠠᠵᠤ ᠠᠬᠤᠶ ᠶᠢᠨ ᠲᠠᠩᠰᠠ ᠶᠢ ᠰᠠᠶᠢᠲᠤᠷ ᠪᠤᠳᠤᠵᠤ᠂ ᠥᠭᠡᠷᠡᠴᠢᠯᠡᠬᠦ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ︽ᠥᠭᠡᠷᠡᠴᠢᠯᠡᠬᠦ ᠶᠣᠰᠣᠲᠠᠶ ᠶᠢ ᠨᠢ ᠴᠥᠮ ᠥᠭᠡᠷᠡᠴᠢᠯᠡᠵᠦ᠂ ᠥᠭᠡᠷᠡᠴᠢᠯᠡᠵᠦ ᠳᠡᠶᠢᠯᠬᠦ ᠶᠢ ᠨᠢ ᠴᠥᠮ ᠥᠭᠡᠷᠡᠴᠢᠯᠡᠬᠦ︾ ᠬᠡᠷᠡᠭᠲᠡᠶ ᠭᠡᠵᠡᠶ᠃ ᠬᠠᠮᠢᠶ᠎ᠠ ᠪᠥᠬᠦᠶ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠡᠷᠡᠭᠯᠡᠭᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠲᠤ ᠠᠰᠢᠭᠲᠠᠶ ᠠᠷᠠᠳ ᠲᠤ ᠠᠰᠢᠭ ᠬᠦᠷᠲᠡᠭᠡᠬᠦ ᠶᠠᠪᠤᠳᠠᠯ ᠢ ᠦᠨᠡᠨ ᠬᠦ ᠪᠣᠳᠠᠲᠠᠶ ᠬᠢᠵᠦ ᠰᠠᠶᠢᠲᠤᠷ ᠬᠢᠬᠦ ᠬᠡᠷᠡᠭᠲᠡᠶ ᠬᠡᠵᠡᠢ ᠃      ᠳ᠋ᠠ ᠰᠢᠩ ᠬᠤᠳᠠᠯᠳᠤᠭᠠᠨ ᠤ ᠠᠭᠤᠳᠠᠮ ᠲᠠᠯᠠᠪᠠᠢ ᠳᠤ᠂ ᠭᠤᠤ ᠢ ᠳ᠋ᠦᠩ ᠴᠢᠳᠠᠮᠵᠢ ᠶᠢᠨ ᠪᠠᠶᠢᠷᠢᠰᠢᠭᠤᠯᠤᠯᠲᠠ᠂ ᠭᠠᠯ ᠢ ᠰᠡᠷᠬᠡᠶᠢᠯᠡᠬᠦ ᠠᠮᠤᠷ ᠲᠦᠪᠰᠢᠨ᠂ ᠡᠵᠡᠩᠨᠡᠯᠲᠡ ᠠᠵᠢᠯᠯᠠᠭᠠᠨ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠰᠠᠶᠢᠲᠤᠷ ᠬᠢᠵᠦ᠂ ᠤᠯᠠᠨ ᠲᠦᠮᠡᠨ ᠳᠤ ᠴᠡᠪᠡᠷ ᠴᠡᠮᠴᠡᠭᠡᠷ᠂ ᠪᠣᠯᠪᠠᠰᠤᠨ ᠡᠮᠬᠢ ᠳᠢᠭᠯᠢᠮ ᠲᠠᠢ᠂ ᠠᠮᠤᠷ ᠲᠦᠪᠰᠢᠨ ᠳᠥᠭᠦᠮ ᠳᠥᠲᠡ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠬᠡᠯᠡᠪᠡ᠃      ᠶᠤᠸᠠᠨ ᠾᠧᠩ ᠰᠠᠭᠤᠭᠠᠯᠢ ᠳᠤᠭᠤᠷᠢᠭ᠂ ᠶᠡᠭᠡ ᠵᠤᠤ ᠳᠤᠮᠳᠠᠳᠤ ᠰᠤᠷᠭᠠᠭᠤᠯᠢ ᠳᠤ᠂ ᠭᠤᠤ ᠢ ᠳ᠋ᠦᠩ ᠭᠠᠯ ᠢ ᠰᠡᠷᠬᠡᠶᠢᠯᠡᠬᠦ ᠥᠭᠡᠷᠡᠴᠢᠯᠡᠯᠲᠡ ᠶᠢᠨ ᠲᠦᠷᠦᠯ ᠵᠦᠢᠯ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠥᠨᠳᠥᠷ ᠳᠠᠪᠬᠤᠷᠭᠠᠲᠤ ᠣᠷᠣᠨ ᠰᠠᠭᠤᠴᠠ᠂ ᠰᠤᠷᠭᠠᠭᠤᠯᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠠᠯ ᠢ ᠰᠡᠷᠬᠡᠶᠢᠯᠡᠬᠦ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠹᠧᠩ ᠬᠤᠸᠠᠩ ᠴᠧᠩ ᠶᠢᠨ ᠠᠯᠪᠠᠯᠠᠬᠤ ᠠᠰᠠᠷ ᠲᠤ᠂ ᠭᠤᠤ ᠢ ᠳ᠋ᠦᠩ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠲᠡᠷᠡ᠂ ᠤᠬᠠᠮᠰᠠᠷ ᠢᠶᠠᠨ ᠳᠡᠭᠡᠭᠰᠢᠯᠡᠭᠦᠯᠵᠦ᠂ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠨᠢᠭᠡᠴᠡ ᠶᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠠᠳᠠᠯ ᠠᠬᠤᠶ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠠᠯ ᠤᠨᠳᠠᠷᠠᠭᠠᠬᠤ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠠᠭᠠᠯᠠᠯᠲᠠ᠂ ᠪᠠᠶᠢᠴᠠᠭᠠᠯᠲᠠ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠪᠠᠶᠢᠩᠭᠤ ᠶᠢᠨ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠪᠠᠲᠤᠯᠠᠵᠤ᠂ ᠡᠯ᠎ᠡ ᠲᠥᠷᠥᠯ ᠤᠨ ᠭᠠᠯ ᠤᠨ ᠠᠶᠤᠯ ᠤᠨ ᠬᠡᠮ ᠰᠣᠭᠤᠭ ᠤᠨ ᠠᠰᠠᠭᠤᠳᠠᠯ ᠢ ᠦᠨᠡᠨ ᠬᠦ ᠤᠷᠢᠳᠴᠢᠯᠠᠨ ᠰᠡᠷᠭᠡᠶᠢᠯᠡᠬᠦ ᠬᠡᠷᠡᠭᠲᠡᠶ ᠭᠡᠵᠡᠶ᠃      ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠳ᠋ᠦ᠋ ᠵᠢᠶ ᠺᠤᠸᠠᠨ᠂ ᠵᠠᠩ ᠪᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃   
ᠢᠷᠡᠯᠲᠡ᠄ ᠲᠤᠰ ᠰᠦᠯᠵᠢᠶ᠎ᠠ