ᠬᠠᠨ ᠲᠤᠸ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠤᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/18
      ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ 7 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠳ᠋ᠦᠩᠱᠧᠩ ᠳᠤ ᠶᠠᠪᠤᠭᠳᠠᠨ᠎ᠠ᠃ 7 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠦᠵᠡᠰᠬᠦᠯᠡᠩ ᠤᠨ ᠲᠠᠯᠠᠪᠠᠶ ᠳᠤ ᠭᠦᠨᠵᠡᠭᠡᠶᠢᠷᠡᠨ᠂ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠢ ᠰᠣᠨᠣᠰᠤᠭᠰᠠᠨ ᠪᠥᠭᠡᠳ ᠠᠬᠤᠢ ᠳᠠᠯᠠᠪᠠᠢ ᠳᠤ ᠠᠯᠪᠠᠯᠠᠵᠤ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠪᠠᠶᠢᠷᠢᠯᠠᠭᠤᠯᠪᠠ᠃       ᠬᠠᠨ ᠲᠤᠤ᠂ ᠳᠤᠮᠳᠠᠳᠤ ᠤᠯᠤᠰ ︵ᠣᠷᠳᠣᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠪᠣᠯ ᠪᠦᠬᠦ ᠬᠤᠳᠠ ᠶᠢᠨ ᠳᠡᠯᠡᠬᠡᠢ ᠶᠢᠨ ᠲᠡᠰ ᠤᠨ ᠢᠮᠠᠭᠠᠨ ᠨᠤᠤᠯᠤᠭᠤᠷ ᠤᠨ ᠠᠵᠤ ᠦᠢᠯᠡᠰ ᠢ ᠪᠠᠶᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠲᠠᠪᠴᠠᠩ ᠪᠣᠯᠬᠤ ᠪᠥᠭᠡᠳ ᠪᠠᠰᠠ ᠴᠤ ᠢᠮᠠᠭᠠᠨ ᠨᠤᠤᠯᠤᠭᠤᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠦᠵᠡᠰᠬᠦᠯᠡᠩ ᠤᠨ ᠵᠣᠬᠢᠶᠠᠨ ᠪᠠᠶᠢᠭᠤᠯᠬᠤ ᠲᠥᠰᠥᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠳᠡᠯᠬᠡᠨ ᠦᠵᠡᠬᠦᠯᠬᠡ ᠶᠢᠨ ᠤᠷᠳᠤᠨ ᠤ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠦᠨᠡᠯᠡᠨ ᠵᠢᠱᠢᠯᠳᠡ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ᠂ ᠤᠰᠤ ᠴᠠᠬᠢᠯᠭᠠᠨ ᠬᠡᠷᠡᠭᠯᠡᠬᠦ ᠪᠠ ᠪᠠᠭᠤᠳᠠᠯ ᠤᠨ ᠭᠥᠯᠢᠶᠡᠨ ᠠᠪᠴᠤ ᠵᠤᠴᠢᠯᠠᠬᠤ ᠶᠢ ᠪᠠᠲᠤᠯᠠᠬᠤ᠂ ᠡᠮᠴᠢᠯᠡᠭᠡ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮᠬᠢ ᠵᠢᠷᠤᠮ ᠲᠠᠢ ᠲᠣᠬᠢᠷᠠᠭᠤᠯᠤᠨ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃  ᠦᠵᠡᠰᠬᠦᠯᠡᠩ ᠢ ᠡᠷᠭᠢᠯᠡᠬᠦ ᠲᠠᠢ ᠤᠶᠠᠯᠳᠤᠭᠤᠯᠤᠨ᠂ ᠬᠤᠲᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠳᠤᠭᠤᠷᠢᠭ ᠤᠨ ᠬᠤᠲᠠ ᠶᠢᠨ ᠰᠣᠶᠣᠯ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠬᠤᠲᠠ ᠶᠢᠨ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ᠠᠵᠤ ᠦᠢᠯᠡᠰ ᠤᠨ ᠰᠡᠳᠬᠢᠬᠦᠢ ᠪᠠ ᠵᠠᠬ᠎ᠠ ᠳᠡᠯᠭᠡᠭᠦᠷ ᠤᠨ ᠣᠶᠢᠯᠠᠭᠠᠭᠳᠠᠬᠤᠨ ᠢ ᠴᠢᠩᠭᠠᠳᠬᠠᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠵᠤ᠂ ᠰᠢᠨ᠎ᠡ ᠰᠡᠳᠬᠢᠬᠦᠢ ᠲᠠᠢ᠂ ᠥᠪᠡᠷᠮᠢᠴᠡ ᠣᠨᠴᠠᠯᠢᠭ ᠲᠠᠢ ᠡᠵᠡᠩᠨᠡᠯᠲᠡ ᠶᠢᠨ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠵᠤ᠂ ᠬᠥᠮᠥᠰ ᠤᠨ ᠬᠦᠷᠢᠶᠡᠯᠡᠯ ᠢ ᠲᠠᠰᠤᠷᠠᠯᠳᠠ ᠦᠭᠡᠢ ᠣᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠢᠭᠲᠠ   ᠬᠠᠮᠵᠢᠯᠴᠠᠨ ᠬᠤᠷᠰᠢᠵᠤ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠵᠤ᠂ ᠦᠵᠡᠰᠬᠦᠯᠡᠩ ᠤᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ᠂ ᠯᠠᠪᠳᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃       ᠳᠠᠷᠠᠭ᠎ᠠ ᠨᠢ᠂ ᠬᠠᠨ ᠲᠤᠤ ᠣᠷᠳᠣᠰ ᠤᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠯᠳᠠ ᠶᠢᠨ ᠲᠤᠷᠰᠢᠯᠲᠠ ᠶᠢᠨ ᠲᠥᠪ ᠲᠤ ᠬᠦᠷᠴᠦ  ᠪᠠᠶᠢᠴᠠᠭᠠᠨ ᠰᠤᠳᠤᠯᠤᠯᠲᠠ ᠬᠢᠵᠦ᠂ ᠲᠣᠭᠠᠴᠢᠯᠠᠭᠰᠠᠨ ᠠᠵᠤ ᠠᠬᠤᠢ ᠶᠢᠨ ᠦᠵᠡᠭᠦᠯᠦᠯᠭᠡ ᠪᠠ ᠪᠡᠶᠡᠴᠢᠯᠡᠨ ᠣᠶᠢᠯᠠᠭᠠᠯᠲᠠ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠ ᠨᠡᠪᠴᠢᠭᠦᠯᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠡᠷᠭᠡ ᠶᠢ ᠲᠣᠭᠤᠷᠢᠨ ᠦᠵᠡᠵᠦ᠂ ᠠᠵᠤ ᠦᠢᠯᠡᠰ ᠤᠨ ᠠᠮᠢ ᠠᠬᠤᠢ ᠶᠢ  ᠰᠢᠯᠢᠳᠡᠭᠵᠢᠬᠦᠯᠦᠨ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠵᠤ᠂ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠡᠵᠡᠩᠨᠡᠯᠲᠡ ᠶᠢᠨ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠣᠳᠠᠲᠠᠢ ᠳᠤ ᠰᠠᠭᠤᠷᠢᠯᠠᠨ᠂ ᠣᠷᠣᠨ ᠨᠤᠲᠤᠭ ᠤᠨ ᠨᠡᠷᠡᠳᠦ ᠰᠢᠯᠢᠳᠡᠭ ᠦᠢᠯᠡᠳᠬᠦᠨ ᠵᠢᠴᠢ ᠰᠣᠶᠣᠯ ᠵᠤᠭᠠᠴᠠᠯ ᠤᠨ ᠲᠦᠷᠦᠯ ᠲᠡᠮᠳᠡᠭ ᠢ ᠶᠡᠬᠡᠪᠡᠷ ᠳᠡᠯᠭᠡᠷᠡᠭᠦᠯᠵᠦ᠂ ᠲᠡᠷᠢᠭᠦᠨ ᠤ ᠲᠣᠭᠠᠴᠢᠯᠠᠭᠰᠠᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ᠂ ᠪᠣᠳᠠᠲᠤ ᠴᠣᠭᠴᠠ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠬᠡᠵᠡᠢ᠃       ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠶᠠᠩ ᠶᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠲᠤᠰ ᠰᠦᠯᠵᠢᠶ᠎ᠠ