ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠡᠬᠢᠯᠡᠯ᠎ᠡ︕
ᠨᠡᠶᠢᠲᠡᠯᠡᠭᠰᠡᠨ ᠴᠠᠭ᠄
2024/7/19
      7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ ︽ᠳᠡᠯᠡᠬᠡᠢ ᠶᠢᠨ  ᠨᠤᠤᠯᠤᠭᠤᠷ ᠤᠨ ᠬᠤᠲᠠ · ᠶᠠᠰᠤ ᠴᠢᠨᠠᠷ ᠢᠶᠠᠷ ᠢᠷᠡᠭᠡᠳᠦᠢ ᠶᠢ ᠢᠯᠠᠨ᠎ᠠ︾ ᠭᠤᠣᠯ ᠰᠡᠳᠤᠪᠳᠤ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ  ᠨᠤᠤᠰᠤ ᠨᠤᠤᠯᠤᠭᠤᠷ ᠤᠨ ᠦᠵᠡᠰᠬᠦᠯᠡᠩ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃      ᠲᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠵᠠᠭᠤ ᠭᠠᠷᠤᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠠᠵᠢᠯ ᠲᠦᠷᠦᠯ ᠤᠨ ᠰᠣᠳᠤᠴᠤᠳ᠂ ᠲᠤᠰᠬᠠᠢ ᠮᠡᠷᠭᠡᠵᠢᠯᠲᠡᠨ ᠡᠷᠳᠡᠮᠲᠡᠨ ᠴᠤᠭᠯᠠᠷᠠᠵᠤ᠂ 300 ᠭᠠᠷᠤᠢ ᠣᠷᠣᠯᠠᠨ ᠬᠤᠳᠠᠯᠳᠤᠭᠴᠢ ᠪᠠ ᠢᠲ᠋ᠠᠯᠢ᠂ ᠹᠷᠠᠨᠼᠢ ᠵᠡᠷᠭᠡ ᠭᠠᠳᠠᠭᠠᠳᠤ ᠶᠢᠨ ᠦᠵᠡᠰᠬᠦᠯᠡᠩ ᠤᠨ ᠪᠦᠯᠬᠦᠮ᠂ ᠤᠯᠤᠰ ᠤᠨ ᠳᠣᠲᠣᠭᠠᠳᠤ ᠶᠢᠨ 200 ᠭᠠᠷᠤᠢ ᠡᠳ᠋ᠰᠢᠭᠦᠯᠬᠦ᠂ ᠪᠣᠷᠣᠯᠠᠭᠤᠯᠬᠤ ᠵᠡᠷᠭᠡ ᠭᠤᠭᠴᠤᠭᠠᠨ ᠤ ᠰᠢᠯᠢᠳᠡᠭ ᠠᠵᠤ ᠠᠬᠤᠶᠢᠯᠠᠯ ᠢ ᠤᠷᠢᠨ ᠢᠷᠡᠬᠦᠯᠵᠤ᠂ ᠪᠦᠬᠦ ᠲᠠᠯ᠎ᠠ ᠶᠢᠨ ᠰᠣᠯᠢᠯᠴᠠᠭ᠎ᠠ ᠥᠷᠨᠢᠭᠦᠯᠵᠦ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃       ᠦᠵᠡᠰᠬᠦᠯᠡᠩ ᠤᠨ ᠴᠤᠭᠯᠠᠭᠠᠨ ᠤ ᠵᠡᠷᠬᠡᠪᠡᠷ ᠹᠷᠠᠨᠼᠢ ᠶᠢᠨ ᠣᠷᠳᠣᠨ᠂ ᠢᠲ᠋ᠠᠯᠢ ᠶᠢᠨ ᠣᠷᠳᠣᠨ ᠤ ᠤᠷᠳᠤᠨ ᠨᠡᠭᠡᠭᠡᠬᠦ ᠶᠣᠰᠣᠯᠠᠯ᠂ 2024 ᠣᠨ ᠤ ᠳᠤᠮᠳᠠᠳᠤ ᠤᠯᠤᠰ ︵ᠣᠷᠳᠣᠰ︶ ᠤᠨ ᠨᠤᠤᠯᠤᠭᠤᠷ ᠤᠨ ᠠᠵᠤ ᠦᠢᠯᠡᠰ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠶᠡᠭᠡ ᠬᠤᠷᠠᠯ᠂ ᠣᠯᠠᠨ ᠤᠯᠤᠰ ᠤᠨ  ᠨᠤᠤᠯᠤᠭᠤᠷ ᠤᠨ ᠠᠵᠤ ᠦᠢᠯᠡᠰ ᠤᠨ ᠬᠤᠳᠠᠯᠳᠤᠨ ᠠᠪᠬᠤ ᠶᠢ ᠵᠣᠯᠭᠠᠭᠤᠯᠬᠤ ᠴᠤᠭᠯᠠᠭᠠᠨ᠂ 2024 ᠣᠨ ᠤ ᠳᠡᠯᠡᠬᠡᠢ ᠶᠢᠨ ᠨᠤᠤᠯᠤᠭᠤᠷ ᠤᠨ ᠬᠤᠳᠠ ᠶᠢᠨ ᠣᠯᠠᠨ ᠤᠯᠤᠰ ᠤᠨ ᠰᠢᠨ᠎ᠡ ᠮᠠᠶ᠋ᠢᠭ ᠤᠨ ᠬᠤᠪᠴᠠᠰᠤ ᠵᠠᠰᠠᠯ ᠤᠨ ᠦᠵᠡᠭᠦᠯᠦᠯᠭᠡ᠂ ᠣᠯᠠᠨ ᠤᠯᠤᠰ ᠤᠨ ᠤᠷᠤᠰᠬᠠᠯ ᠤᠨ ᠬᠠᠨᠳᠤᠰᠢ ᠶᠢ ᠬᠤᠪᠢᠶᠠᠯᠴᠠᠬᠤ᠂ ᠳᠡᠯᠭᠡᠨ ᠦᠵᠡᠭᠦᠯᠵᠦ ᠪᠣᠷᠣᠯᠠᠭᠤᠯᠬᠤ ᠵᠡᠷᠭᠡ ᠠᠯᠢ ᠣᠯᠠᠨ ᠠᠵᠢᠯᠯᠠᠭ᠎ᠠ ᠶᠢ ᠡᠷᠭᠢᠯᠡᠬᠦ ᠪᠠᠷ ᠪᠣᠶ᠃
ᠢᠷᠡᠯᠲᠡ᠄ ᠲᠤᠰ ᠰᠦᠯᠵᠢᠶ᠎ᠠ