ᠬᠠᠨ ᠲᠤᠤ ᠳ᠋ᠦᠩᠱᠧᠩ ᠤᠨ ᠭᠠᠯᠲᠤ ᠲᠡᠷᠭᠡᠨ ᠤ ᠵᠡᠭᠦᠨ ᠥᠷᠲᠡᠭᠡ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠬᠤᠢ ᠳᠠᠯᠠᠪᠠᠢ ᠳᠤ ᠠᠯᠪᠠᠯᠠᠪᠠ
ᠨᠡᠶᠢᠲᠡᠯᠡᠭᠰᠡᠨ ᠴᠠᠭ᠄
2024/7/19
      7 ᠰᠠᠷ᠎ᠠ ᠶᠢᠨ 18 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ  ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠳ᠋ᠦᠡᠭᠱᠧᠩ  ᠤᠨ ᠭᠠᠯᠳᠦ ᠲᠡᠷᠭᠡᠨ ᠤ ᠵᠡᠭᠦᠨ ᠦᠷᠳᠡᠭᠡ ᠳᠤ ᠭᠦᠨᠵᠡᠭᠡᠶᠢᠷᠡᠨ᠂ ᠲᠡᠷᠭᠡ ᠬᠦᠯᠢᠶᠡᠬᠦ ᠦᠷᠦᠭᠡ᠂ ᠵᠠᠮ ᠤᠭᠳᠤᠯᠬᠤ ᠬᠦᠬᠦᠷᠬᠡ᠂ ᠦᠷᠳᠡᠬᠡᠨ ᠤ ᠳᠠᠪᠴᠠᠩ ᠢᠶᠠᠷ ᠲᠤᠭᠤᠷᠢᠨ ᠦᠵᠡᠵᠤ᠂ ᠲᠡᠷᠭᠡᠨ ᠦᠷᠳᠡᠬᠡᠨ ᠤ ᠠᠶᠠᠨᠴᠢᠳ ᠵᠦᠭᠡᠭᠡᠪᠦᠷᠢᠯᠡᠬᠦ ᠦᠢᠯᠡᠴᠢᠯᠡᠭᠡ᠂ ᠲᠡᠷᠭᠡᠨ ᠦᠷᠳᠡᠬᠡᠨ ᠤ ᠬᠠᠮᠢᠶᠠᠷᠤᠯᠲᠠ᠂ ᠤᠢᠢᠷ᠎ᠠ ᠬᠠᠪᠢ ᠶᠢᠨ ᠤᠷᠴᠢᠨ ᠲᠤᠭᠤᠷᠢᠨ᠂ ᠵᠠᠮ ᠱᠤᠭᠤᠮ ᠤᠨ ᠠᠵᠢᠯᠯᠠᠭᠠᠨ ᠵᠢᠴᠢ ᠲᠡᠷᠭᠡᠨ ᠦᠷᠳᠡᠬᠡᠨ ᠤ ᠠᠶᠠᠨᠴᠢᠳ ᠤᠨ ᠨᠡᠪᠳᠡᠷᠡᠬᠦ ᠵᠠᠮ ᠤᠨ ᠲᠦᠬᠦᠮ ᠲᠦᠳᠡ ᠦᠵᠡᠬᠦᠯᠬᠦ ᠲᠦᠭᠦᠭᠡᠷᠤᠮᠵᠢ ᠵᠡᠷᠭᠡ ᠠᠵᠢᠯ ᠢ ᠠᠭᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠳᠤ ᠠᠬᠤᠢ ᠲᠠᠯᠠᠪᠠᠢ ᠳᠤ ᠠᠯᠪᠠᠯᠠᠵᠤ᠂ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠳᠪᠤᠷᠢᠯᠡᠵᠤ᠂ ᠪᠤᠳᠠᠳᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠠᠨ ᠲᠤᠤ᠂ ᠭᠠᠯᠲᠤ ᠲᠡᠷᠭᠡᠨ ᠥᠷᠲᠡᠭᠡ ᠪᠣᠯ ᠳ᠋ᠦᠩᠱᠧᠩ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠴᠢᠬᠤᠯᠠ ᠴᠣᠩᠬᠤ ᠮᠥᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠴᠢᠬᠤᠯᠠ ᠵᠠᠮ ᠬᠠᠷᠢᠯᠴᠠᠭᠠᠨ ᠤ ᠬᠦᠢᠰᠦ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠠᠰᠢᠭᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠭᠠᠯᠲᠤ ᠲᠡᠷᠭᠡᠨ ᠥᠷᠲᠡᠭᠡᠨ ᠤ ᠠᠶᠠᠨᠴᠢᠳ ᠤᠨ ᠨᠡᠪᠲᠡᠷᠡᠬᠦ ᠵᠠᠮ ᠤᠨ ᠳᠥᠭᠦᠮ ᠳᠥᠲᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠭᠠᠨ ᠳᠠᠨᠢᠬᠤ ᠰᠢᠰᠲ᠋ᠧᠮ ᠢ ᠤᠯᠠᠮ ᠨᠢᠭᠡ ᠠᠯᠬᠤᠮ ᠳᠡᠬᠦᠯᠳᠡᠷᠵᠢᠬᠦᠯᠦᠨ᠂ ᠠᠶᠠᠨᠴᠢᠳ ᠤᠨ ᠤᠷᠤᠰᠬᠠᠯ ᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠡᠷᠭᠡ ᠰᠣᠯᠢᠵᠤ ᠦᠷᠳᠡᠭᠡ ᠵᠠᠯᠭᠠᠬᠤ᠂ ᠠᠮᠤᠷ ᠲᠦᠪᠰᠢᠨ ᠤ ᠪᠠᠶᠢᠴᠠᠭᠠᠯᠲᠠ ᠶᠢ ᠵᠣᠯᠭᠠᠭᠤᠯᠬᠤ ᠵᠡᠷᠭᠡ ᠠᠵᠢᠯ ᠢ  ᠰᠢᠯᠢᠳᠡᠭᠵᠢᠬᠦᠯᠦᠨ᠂ ᠰᠠᠭᠠᠳ ᠦᠭᠡᠢ᠂ ᠳᠥᠭᠦᠮ ᠳᠥᠲᠡ ᠰᠠᠶᠢᠨ ᠰᠠᠶᠢᠬᠠᠨ ᠲᠡᠷᠭᠡᠨ ᠳᠤ ᠰᠠᠭᠤᠬᠤ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠶ᠃ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠠᠷᠢᠮᠳᠠᠯᠠᠨ᠂ ᠲᠡᠷᠭᠡᠨ ᠥᠷᠲᠡᠭᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠠᠰᠠᠭᠤᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠡᠷᠭᠡᠨ ᠥᠷᠲᠡᠭᠡᠨ ᠤ ᠵᠠᠮ ᠱᠤᠭᠤᠮ ᠤᠨ ᠰᠠᠭᠠᠳ ᠦᠬᠡᠢ᠂ ᠲᠠᠯᠠᠪᠤᠷ ᠭᠠᠵᠠᠷ ᠤᠨ ᠴᠡᠪᠡᠷ ᠲᠡᠭᠰᠢ ᠪᠠᠶᠢᠬᠤ ᠶᠢ ᠦᠨᠡᠨᠬᠦ ᠪᠡᠶᠡᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠪᠣᠯᠤᠨ ᠭᠠᠳᠠᠷ ᠣᠷᠣᠨ ᠤ ᠵᠤᠭᠠᠴᠠᠭᠰᠠᠳ ᠲᠤ ᠳᠤᠯᠠᠭᠠᠨ ᠬᠤᠲᠠ ᠶᠢᠨ ︽ᠬᠠᠯᠠᠭᠤᠨ ᠳᠤᠯᠠᠭᠠᠨ︾ ᠢ ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠶ᠃ ᠰᠢᠰᠲ᠋ᠧᠮᠴᠢᠯᠡᠭᠰᠡᠨ ᠬᠠᠮᠢᠶᠠᠷᠤᠯᠲᠠ ᠶᠢ ᠪᠠᠷᠢᠮᠳᠠᠯᠠᠨ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠣᠷᠭᠢᠯ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠶᠠᠨᠴᠢᠳ ᠤᠨ ᠵᠣᠬᠢᠶᠠᠨ ᠪᠠᠶᠢᠭᠤᠯᠤᠯᠲᠠ᠂ ᠲᠡᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠰᠠᠭᠠᠳ ᠥᠬᠡᠶ ᠲᠥᠬᠦᠭᠡᠷᠦᠮᠵᠢ ᠶᠢ ᠨᠡᠮᠡᠵᠦ ᠪᠠᠶᠢᠭᠤᠯᠤᠨ᠂ ᠶᠠᠪᠠᠭᠠᠨ ᠬᠥᠮᠦᠨ ᠤ ᠨᠠᠯᠠᠤ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠬᠤᠲᠠ ᠶᠢᠨ ᠠᠷᠠᠳ ᠵᠤᠭᠠᠴᠠᠭᠰᠠᠳ ᠲᠤ ᠨᠠᠩ ᠠᠮᠤᠷ ᠲᠦᠪᠰᠢᠨ ᠡᠮᠬᠢ ᠵᠢᠷᠤᠮ ᠲᠠᠢ᠂ ᠲᠠᠭᠠᠯᠠᠮᠵᠢᠲᠠᠶ ᠶᠠᠪᠤᠵᠤ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠥᠭᠬᠦ ᠬᠡᠷᠡᠭᠲᠡᠶ ᠬᠡᠵᠡᠢ᠃      ᠲᠣᠭᠤᠷᠢᠭ ᠤᠨ ᠤᠳᠤᠷᠢᠳᠤᠯᠭ᠎ᠠ ᠸᠠᠩ ᠱᠧᠩ ᠷᠦᠩ᠂ ᠳ᠋ᠦᠩᠱᠧᠩ ᠤᠨ ᠭᠠᠯᠲᠤ ᠲᠡᠷᠭᠡᠨ ᠤ ᠵᠡᠭᠦᠨ ᠥᠷᠲᠡᠭᠡ ᠵᠢᠴᠢ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃
ᠢᠷᠡᠯᠲᠡ᠄ ᠲᠤᠰ ᠰᠦᠯᠵᠢᠶ᠎ᠠ